ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽5•1︾ ᠤ | ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠬᠡᠭᠡᠷ᠎ᠡ ᠭᠠᠳᠠᠨ᠎ᠠ ᠶᠢᠨ ᠵᠤᠭᠠᠯᠠᠯᠭᠠ ᠵᠡᠷᠭᠡ | ᠠᠵᠢᠯᠯᠠᠭ᠎ᠠ ᠨᠤᠭᠤᠳ ᠨᠡᠮᠡᠭᠳᠡᠭᠰᠡᠨ ᠠᠴᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠪᠣᠯᠣᠮᠵᠢ ᠶᠢᠨ ᠪᠠᠶᠢᠳᠠᠯ ᠥᠨᠳᠥᠷᠵᠢᠭᠡᠳ ᠪᠠᠭᠤᠷᠠᠳᠠᠭ | ᠦᠭᠡᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠤᠷᠢᠳᠴᠢᠯᠠᠨ ᠪᠠᠶᠢᠷᠢᠯᠠᠭᠤᠯᠤᠯᠲᠠ ᠬᠢᠵᠦ᠂ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠭᠰᠡᠨ ᠪᠣᠯᠬᠤᠷ ︽5•1︾ ᠤ ᠠᠮᠠᠷᠠᠯᠲᠠ ᠶᠢᠨ ᠬᠤᠭᠤᠴᠠᠭᠠᠨ ᠳᠠᠬᠢ ᠪᠥᠬᠦ ᠣᠷᠣᠨ ᠤ ᠣᠶ ᠰᠢᠭᠤᠢ ᠨᠤᠲᠤᠭ | ᠪᠡᠯᠴᠢᠭᠡᠷ ᠤᠨ ︽ᠭᠠᠯ ᠤᠨ ᠠᠶᠤᠯ ᠦᠭᠡᠢ ᠪᠠᠶᠢᠳᠠᠯ︾ ᠢ ᠪᠡᠶᠡᠯᠡᠭᠦᠯᠪᠡ᠃ ᠭᠠᠯ ᠤᠨ ᠠᠶᠤᠯ ᠤᠨ ᠪᠠᠶᠢᠳᠠᠯ ᠢ ᠴᠠᠭᠳᠠᠨ ᠪᠠᠶᠢᠴᠠᠭᠠᠬᠤ ᠬᠠᠮᠠᠭᠠᠯᠠᠯᠲᠠ ᠶᠢ | ᠴᠢᠩᠭᠠᠷᠠᠭᠤᠯᠬᠤ ᠶᠢᠨ ᠲᠥᠯᠥᠭᠡ᠂ 10 ᠠᠶᠢᠮᠠᠭ ᠬᠤᠲᠠ ᠳᠠᠬᠢ ᠠᠭᠠᠷ ᠠᠶᠠᠯᠠᠯ ᠢᠶᠠᠷ ᠣᠶ ᠰᠢᠭᠤᠢ ᠶᠢ ᠬᠠᠮᠠᠭᠠᠯᠠᠬᠤ 13 ᠨᠢᠰᠬᠡᠯ ᠢᠶᠠᠷ ᠠᠭᠠᠷ ᠢᠶᠠᠷ ᠴᠠᠭᠳᠠᠨ | ᠪᠠᠶᠢᠴᠠᠭᠠᠬᠤ ᠤᠳᠠᠭ᠎ᠠ ᠲᠤᠭ᠎ᠠ ᠪᠠᠨ ᠨᠡᠮᠡᠭᠳᠡᠭᠦᠯᠵᠦ᠂ ᠭᠤᠣᠯᠳᠠᠯᠭ᠎ᠠ ᠪᠣᠯᠬᠤ ᠭᠠᠵᠠᠷ ᠣᠷᠣᠨ ᠨᠤᠭᠤᠳ ᠢ ᠴᠥᠮ ᠬᠠᠮᠤᠷᠪᠠ᠃ ᠡᠯ᠎ᠡ ᠭᠠᠵᠠᠷ ᠤᠨ ᠬᠢᠨ ᠰᠤᠪᠤᠷᠭᠠᠲᠤ | ᠲᠠᠶᠢᠰᠠ ᠪᠠᠷ ᠪᠠᠷᠠᠯᠠᠬᠤ᠂ ᠸᠢᠳᠢᠤ᠋ ᠪᠠᠷ ᠬᠢᠨᠠᠨ ᠡᠵᠡᠮᠳᠡᠬᠦ ᠶᠢ ᠣᠶ ᠰᠢᠭᠤᠢ ᠬᠠᠮᠠᠭᠠᠯᠠᠭᠴᠢ᠂ ᠨᠤᠲᠤᠭ ᠪᠡᠯᠴᠢᠭᠡᠷ ᠤᠨ ᠬᠠᠮᠢᠶᠠᠷᠤᠭᠴᠢ ᠶᠢᠨ ᠭᠠᠵᠠᠷ ᠳᠡᠭᠡᠷᠡᠬᠢ ᠴᠠᠭᠳᠠᠨ | ᠪᠠᠶᠢᠴᠠᠭᠠᠬᠤ ᠬᠠᠮᠠᠭᠠᠯᠠᠯᠲᠠ ᠪᠠ ᠬᠠᠷᠠᠭᠤᠯ ᠥᠷᠲᠡᠭᠡᠨ ᠤ ᠬᠠᠮᠢᠶᠠᠷᠤᠯᠲᠠ ᠯᠤᠭ᠎ᠠ ᠤᠶᠠᠯᠳᠤᠭᠤᠯᠤᠨ᠂ ︽ᠠᠭᠠᠷ ᠣᠭᠲᠠᠷᠭᠤᠢ ᠭᠠᠵᠠᠷ ᠬᠥᠮᠥᠨ︾ ᠤ ᠪᠣᠰᠤᠭ᠎ᠠ | ᠴᠣᠭᠴᠠᠲᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠣᠶ ᠪᠣᠯᠭᠠᠵᠤ᠂ ᠬᠥᠮᠥᠨ ᠤ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠪᠣᠳᠠᠰ ᠤᠨ | ᠰᠡᠷᠭᠡᠶᠢᠯᠡᠯᠲᠡ ᠶᠢᠨ ᠥᠨᠳᠥᠷ ᠪᠦᠲᠦᠮᠵᠢᠲᠡᠶ ᠪᠠᠷ ᠬᠤᠯᠪᠤᠭᠠᠯᠠᠨ ᠬᠥᠳᠡᠯᠦᠯᠴᠡᠬᠦ ᠶᠢ ᠪᠡᠶᠡᠯᠡᠭᠦᠯᠪᠡ᠃ ᠭᠠᠯ ᠤᠨ ᠢᠷᠡᠯᠲᠡ ᠶᠢᠨ ᠬᠠᠮᠢᠶᠠᠷᠤᠯᠲᠠ ᠶᠢᠨ ᠲᠠᠯ᠎ᠠ ᠪᠠᠷ᠂ ᠡᠯ᠎ᠡ | ᠭᠠᠵᠠᠷ ᠤᠨ ᠬᠢᠨ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠰᠢᠲᠠᠮᠠᠬᠠᠢ ᠪᠣᠳᠠᠰ ᠢ ᠴᠡᠪᠡᠷᠯᠡᠬᠦ ᠲᠤᠰᠬᠠᠢ ᠠᠵᠢᠯ ᠢ ᠤᠷᠢᠳᠴᠢᠯᠠᠨ ᠥᠷᠨᠢᠭᠦᠯᠵᠦ᠂ | ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ ᠪᠠᠶᠢᠴᠠᠭᠠᠨ | ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ ᠭᠠᠯ ᠤᠨ ᠡᠭᠦᠰᠭᠡᠭᠦᠷ ᠢ ᠠᠭᠤᠯᠠᠨ ᠳᠤ ᠭᠠᠷᠭᠠᠬᠤ ᠦᠭᠡᠢ᠂ ᠭᠠᠯ ᠠᠪᠴᠤ ᠣᠶ ᠳᠤ | ᠣᠷᠣᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠭᠠᠯ ᠠᠪᠴᠤ ᠶᠠᠪᠤᠬᠤ ᠶᠢᠨ ᠴᠢᠩᠭ᠎ᠠ ᠨᠢᠭᠲᠠ ᠬᠠᠮᠢᠶᠠᠷᠤᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ | ᠡᠯ᠎ᠡ ᠭᠠᠵᠠᠷ ᠤᠨ ᠬᠢᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ | ᠰᠠᠶᠢᠬᠠᠨ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃ | |