ᠣᠶᠢᠷ᠎ᠠ ᠳᠤ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ | ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ᠂ ᠢᠳᠡᠭᠡᠨ ᠪᠠ ᠡᠮ ᠤᠨ | ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠪᠠᠨ | ᠲᠠᠪᠤᠳᠤᠭᠠᠷ ᠲᠠᠪᠤᠨ ᠵᠢᠯ︾ ᠢ ᠲᠥᠯᠥᠪᠵᠢᠭᠦᠯᠬᠦ ᠳᠤ ᠨᠠᠮ ᠪᠣᠯᠣᠨ ᠤᠯᠤᠰ ᠤᠨ ᠬᠡᠷᠡᠭᠴᠡᠭᠡ᠂ ᠥᠪᠥᠷ ᠮᠣᠩᠭᠤᠯ ᠤᠨ ᠴᠢᠳᠠᠪᠤᠷᠢ ᠶᠢᠨ ᠲᠣᠭᠤᠷᠢᠨ ᠳᠤ᠂ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠵᠤ᠂ ᠤᠯᠤᠰ ᠤᠨ | ᠶᠠᠮᠤᠨ ᠵᠥᠪᠯᠡᠯ᠂ ᠠᠯᠢ ᠣᠯᠠᠨ ᠬᠦᠷᠢᠶᠡᠨ ᠳᠤ ᠬᠥᠭᠵᠢᠯᠲᠡ ᠶᠢᠨ ᠬᠠᠷᠠᠯᠲᠠ ᠡᠭᠦᠷᠭᠡ ᠶᠢ ᠨᠢᠭᠡᠳ ᠨᠢᠭᠡ ᠪᠠᠷ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ | ᠵᠣᠬᠢᠶᠠᠮᠠᠯ ᠣᠶᠤᠨ ᠴᠢᠳᠠᠪᠤᠷᠢ ᠶᠢᠨ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠶᠢ ᠲᠦᠷᠭᠡᠳᠬᠡᠵᠦ᠂ ᠬᠡᠯᠬᠢᠶᠡᠵᠢᠭᠰᠡᠨ | ᠰᠡᠳᠬᠢᠬᠦᠢ ᠪᠠᠷ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠢ ᠴᠣᠭᠴᠠᠯᠠᠵᠤ᠂ ᠤᠯᠠᠮᠵᠢᠯᠠᠯᠲᠤ ᠠᠵᠤ ᠦᠢᠯᠡᠰ ᠤᠨ ᠣᠶᠤᠨᠴᠢᠯᠠᠭᠰᠠᠨ ᠥᠭᠡᠷᠡᠴᠢᠯᠡᠯᠲᠡ ᠶᠢᠨ | ᠡᠷᠴᠢᠮ ᠢ ᠴᠢᠩᠭᠠᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢ ᠪᠠᠷᠢᠮᠲᠠᠯᠠᠨ᠂ ᠠᠰᠠᠭᠤᠳᠠᠯ ᠭᠡᠮ | ᠰᠣᠭᠤᠭ ᠢ ᠪᠦᠭᠦ ᠶᠠᠪᠤᠴᠠ ᠪᠠᠷ ᠨᠢ ᠪᠢᠲᠡᠭᠦᠮᠵᠢᠯᠡᠨ ᠴᠡᠭᠴᠡᠯᠡᠨ ᠵᠠᠰᠠᠵᠤ᠂ ᠬᠥᠮᠥᠨ ᠬᠠᠷ᠎ᠠ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠠᠳᠬᠤᠵᠤ᠂ ᠣᠳᠣᠬᠠᠨ ᠤ ᠲᠣᠭᠲᠠᠭᠤᠨ | ᠪᠠᠶᠢᠳᠠᠯ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠵᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠰᠤᠳᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠣᠯᠣᠨ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠡᠵᠡᠩᠨᠡᠯᠲᠡ ᠶᠢᠨ | ᠭᠤᠣᠯ ᠴᠣᠭᠴᠠ ᠶᠢᠨ ᠨᠡᠩ ᠰᠠᠶᠢᠲᠤᠷ ᠬᠥᠭᠵᠢᠬᠦ ᠳᠤ ᠬᠠᠪᠰᠤᠷᠬᠤ ᠬᠡᠷᠡᠭᠲᠡᠢ᠃ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠬᠢᠯᠢ ᠬᠢᠵᠠᠭᠠᠷ ᠢ ᠪᠠᠬᠢᠵᠢᠭᠦᠯᠬᠦ ᠬᠢᠯᠢ | ᠬᠢᠵᠠᠭᠠᠷ ᠢ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠬᠢᠯᠢ ᠬᠢᠵᠠᠭᠠᠷ ᠣᠷᠣᠨ ᠤ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠰᠤᠳᠤᠯᠵᠤ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠢᠨ ᠨᠢᠭᠡ ᠴᠣᠭᠴᠠᠵᠢᠭᠤᠯᠤᠭᠰᠠᠨ ᠦᠷ᠎ᠡ ᠪᠦᠲᠦᠮᠵᠢ ᠪᠠᠨ ᠥᠷᠭᠡᠳᠬᠡᠵᠦ᠂ ᠰᠠᠭᠤᠷᠢ | ᠲᠥᠬᠦᠭᠡᠷᠦᠮᠵᠢ ᠶᠢ ᠲᠦᠷᠭᠡᠨ ᠨᠡᠪᠲᠡᠷᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮ ᠳᠥᠲᠡ ᠪᠤᠯᠭᠠᠬᠤ᠂ ᠠᠵᠤ ᠦᠢᠯᠡᠰ ᠢ ᠬᠥᠭᠵᠢᠭᠦᠯᠬᠦ ᠳᠤ | ᠬᠠᠮᠵᠢᠯᠴᠠᠨ ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠢ᠃ ᠵᠡᠭᠦᠨ ᠬᠡᠰᠡᠭ ᠤᠨ ᠠᠶᠢᠮᠠᠭ ᠬᠤᠲᠠ ᠨᠤᠭᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠨ | ᠬᠥᠭᠵᠢᠭᠦᠯᠦᠨ ᠮᠠᠨᠳᠤᠭᠤᠯᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠡᠨᠧᠷᠭᠢ᠂ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢᠨ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ | ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠪᠠᠲᠤ ᠴᠢᠩᠭ᠎ᠠ ᠠᠩᠬᠠᠷᠴᠤ᠂ ᠬᠤᠷᠢᠭ᠎ᠠ ᠱᠤᠭᠤᠮ ᠢ ᠲᠣᠳᠣᠷᠬᠠᠢ ᠢᠯᠭᠠᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ | ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢᠨ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ | ᠲᠥᠯᠥᠪᠦᠷᠢ᠂ ᠴᠠᠭᠢᠯᠭᠠᠨ ᠬᠦᠴᠦᠨ ᠤ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ | ᠠᠵᠤ ᠠᠬᠤᠶᠢᠯᠠᠯ ᠢ ᠳᠠᠭᠢᠨ ᠵᠣᠬᠢᠶᠠᠨ ᠪᠠᠶᠢᠭᠤᠯᠬᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠢᠯᠭᠠᠷᠠᠭᠤᠯᠤᠨ ᠵᠢᠷᠤᠮᠵᠢᠭᠤᠯᠬᠤ | ᠠᠵᠢᠯ ᠵᠢᠴᠢ ᠣᠷᠣᠨ ᠨᠤᠲᠤᠭ ᠤᠨ ᠴᠢᠨᠠᠷᠲᠠᠢ 10 ᠬᠤᠪᠢ ᠬᠠᠤᠯᠢ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠶᠠᠪᠤᠳᠠᠯ ᠢ ᠰᠤᠳᠤᠯᠪᠠ᠃ | | |