5 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨᠡᠪᠤᠯᠠᠭ ᠰᠤᠮᠤ ᠳᠤ | ᠭᠦᠨᠵᠡᠭᠡᠶᠢᠷᠡᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠂ ᠰᠢᠨᠡᠪᠤᠯᠠᠭ | ᠰᠤᠮᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠥᠯᠵᠡᠶᠢᠲᠦ ᠨᠤᠲᠤᠭ ᠪᠡᠯᠴᠢᠭᠡᠷ ᠤᠨ ᠣᠷᠭᠠᠨᠢᠭ ᠪᠣᠷᠳᠣᠭᠤᠷ ᠤᠨ ᠺᠣᠮᠫᠠᠨᠢ᠂ ᠮᠣᠳᠣᠨᠠᠮᠵᠢ ᠭᠠᠴᠠᠭ᠎ᠠ ᠳᠤ᠂ ᠦ᠋ ᠰᠢᠤᠸᠠᠢ ᠶᠦᠩ ᠣᠷᠭᠠᠨᠢᠭ ᠪᠣᠷᠳᠣᠭᠤᠷ ᠤᠨ | ᠺᠣᠮᠫᠠᠨᠢ ᠶᠢᠨ ᠦᠢᠯᠡᠳᠪᠦᠷᠢᠯᠡᠯ ᠠᠵᠢᠯᠯᠠᠭᠠᠨ ᠤ ᠪᠠᠶᠢᠳᠠᠯ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠭᠰᠠᠨ ᠦᠷ᠎ᠡ ᠪᠦᠲᠦᠮᠵᠢ | ᠵᠢᠴᠢ ᠮᠣᠳᠣᠨᠠᠮᠵᠢ ᠭᠠᠴᠠᠭ᠎ᠠ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ | ᠲᠤᠨᠢ ᠪᠠᠶᠢᠴᠠᠭᠠᠨ ᠦᠵᠡᠵᠡᠢ᠃ | ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠯᠤᠰ ᠬᠡᠳᠦ ᠳᠤ ᠰᠠᠭᠤᠷᠢᠯᠠᠵᠤ᠂ ᠰᠢᠰᠲ᠋ᠧᠮᠵᠢ | ᠦᠵᠡᠯᠲᠡ ᠪᠠᠷ ᠠᠮᠢ ᠠᠬᠤᠢ ᠣᠷᠴᠢᠨ ᠲᠣᠭᠤᠷᠢᠨ ᠢ ᠵᠠᠰᠠᠵᠤ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠤᠯᠠᠨ ᠲᠦᠮᠡᠨ ᠤ ᠣᠷᠴᠢᠨ | ᠲᠣᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ︔ ᠡᠭᠦᠨ ᠤ ᠵᠡᠷᠭᠡᠴᠡᠭᠡᠪᠡᠷ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠳᠦᠷᠢᠮ ᠤᠨ ᠪᠠᠲᠤᠯᠠᠭ᠎ᠠ ᠪᠠᠷ ᠳᠠᠮᠵᠢᠭᠤᠯᠤᠨ᠂ ᠮᠠᠯ ᠵᠢᠭᠦᠷᠲᠡᠨ ᠤ ᠬᠠᠶᠠᠭᠳᠠᠮᠠᠯ ᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠠᠰᠠᠭᠤᠳᠠᠯ ᠢ | ᠰᠢᠢᠳᠪᠦᠷᠢᠯᠡᠵᠦ᠂ ᠠᠮᠢ ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃ | ᠳᠠᠷᠠᠭ᠎ᠠ ᠨᠢ᠂ ᠦ᠋ ᠰᠢᠤᠸᠠᠢ ᠶᠦᠩ ᠮᠣᠳᠣᠨᠠᠮᠵᠢ ᠭᠠᠴᠠᠭᠠᠨ ᠤ ᠠᠷᠠᠳ ᠤᠨ ᠰᠠᠭᠤᠴᠠ ᠶᠢᠨ ᠲᠣᠭᠤᠷᠢᠭ᠂ ᠰᠢᠨᠡᠪᠤᠯᠠᠭ ᠰᠤᠮᠤ ᠶᠢᠨ ᠠᠨᠠᠷ ᠤᠨ ᠦᠷ᠎ᠡ ᠠᠮᠢ | ᠠᠬᠤᠢ ᠶᠢᠨ ᠠᠵᠤ ᠦᠢᠯᠡᠰ ᠤᠨ ᠰᠤᠳᠤᠯᠭᠠᠨ ᠤ ᠰᠠᠭᠤᠷᠢᠨ ᠭᠠᠵᠠᠷ ᠲᠤ ᠬᠦᠷᠴᠦ᠂ ᠰᠤᠳᠤᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠠᠵᠢᠯᠯᠠᠭᠠᠨ ᠤ ᠵᠠᠭᠪᠤᠷ᠂ ᠬᠦᠢ ᠭᠤᠣᠯ ᠤᠨ ᠦᠵᠡᠮᠵᠢ ᠶᠢᠨ ᠣᠷᠣᠨ ᠤ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠢᠴᠢ ᠮᠠᠯᠵᠢᠬᠤ ᠡᠷᠦᠬᠡ ᠶᠢᠨ | ᠵᠢᠭᠤᠯᠴᠢᠯᠠᠯ ᠤᠨ ᠣᠨᠴᠠᠯᠢᠭᠲᠤ ᠲᠦᠷᠦᠯ ᠲᠡᠮᠳᠡᠭ ᠢ ᠡᠭᠦᠳᠬᠦ ᠵᠡᠷᠭᠡ ᠠᠵᠢᠯ ᠤᠨ ᠠᠬᠢᠴᠠ ᠶᠢ ᠨᠠᠷᠢᠨ ᠣᠶᠢᠯᠠᠭᠠᠪᠠ᠃ ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ | ᠵᠢᠭᠤᠯᠴᠢᠯᠠᠯ ᠤᠨ ᠢᠳᠡ ᠤᠯᠠᠷᠢᠯ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ᠂ ᠡᠵᠡᠩᠨᠡᠯᠲᠡ ᠶᠢᠨ ᠠᠵᠤ | ᠠᠬᠤᠶᠢᠯᠠᠯ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠣᠷᠣᠨ ᠨᠤᠲᠤᠭ ᠤᠨ ᠣᠨᠴᠠᠯᠢᠭ | ᠪᠣᠯᠣᠨ ᠰᠣᠶᠣᠯ ᠤᠨ ᠷᠢᠳᠢ ᠰᠢᠳᠢ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠭ᠎ᠠ ᠶᠢᠨ ᠬᠦᠴᠦᠨ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠡᠭᠦᠨ ᠤ | ᠬᠠᠮᠲᠤ᠂ ︽ᠳᠥᠷᠪᠡᠨ ᠬᠠᠮᠲᠤ ᠪᠠᠷ ᠢᠶᠠᠨ︾ ᠣᠷᠳᠣ ᠬᠤᠩᠭᠢᠯ ᠤᠨ ᠰᠣᠶᠣᠯ ᠤᠨ ᠬᠤᠯᠪᠣᠭᠠᠰᠤ ᠪᠠ ᠰᠤᠷᠭᠠᠨ ᠬᠥᠮᠦᠵᠢᠯ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠰᠤᠳᠤᠯᠤᠨ ᠰᠤᠷᠤᠯᠴᠠᠬᠤ ᠰᠣᠯᠢᠯᠴᠠᠭ᠎ᠠ ᠪᠠ ᠵᠢᠭᠤᠯᠴᠢᠯᠠᠯ ᠤᠨ ᠠᠵᠤ ᠦᠢᠯᠡᠰ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ | ᠠᠭᠤᠰᠤᠯᠴᠠᠯ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ | | |