5 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠳᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠰᠢᠨ᠎ᠡ ᠪᠠᠷᠭᠤ ᠵᠡᠭᠦᠨ | ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ ᠪᠣᠯᠤᠨ ᠵᠠᠯᠠᠶᠢᠨᠠᠭᠤᠷ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠠ᠃ | ᠬᠤᠶᠠᠷ ᠮᠠᠯᠵᠢᠬᠤ ᠬᠤᠰᠢᠭᠤᠨ ᠳᠤ᠂ ᠸᠠᠩ ᠸᠠᠩ ᠱᠧᠩ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠬᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠬᠡᠰᠡᠭ ᠰᠤᠮᠤ᠂ ᠭᠠᠴᠠᠭ᠎ᠠ᠂ ᠨᠡᠶᠢᠭᠡᠮ ᠲᠣᠭᠤᠷᠢᠭ ᠲᠤ ᠬᠦᠷᠴᠦ᠂ ᠡᠪᠡᠰᠦ ᠪᠣᠷᠳᠣᠭᠠᠨ ᠤ ᠲᠥᠪ ᠪᠠ ᠲᠥᠪᠯᠡᠷᠡᠭᠦᠯᠦᠨ ᠬᠠᠰᠢᠶᠠᠯᠠᠨ ᠲᠡᠵᠢᠭᠡᠵᠦ | ᠦᠷᠡᠵᠢᠭᠦᠯᠬᠦ ᠰᠠᠭᠤᠷᠢᠨ ᠭᠠᠵᠠᠷ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠢ ᠨᠠᠷᠢᠨ | ᠣᠶᠢᠯᠠᠭᠠᠪᠠ᠃ ᠸᠠᠩ ᠸᠠᠩ ᠱᠧᠩ᠂ ᠬᠤᠳᠠ ᠶᠢᠨ ᠬᠡᠪᠴᠢᠶᠡᠨ ᠳᠠᠬᠢ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠠᠰᠠᠭᠤᠳᠠᠯ ᠢ ᠡᠩ ᠲᠡᠷᠢᠭᠦᠨ ᠳᠤ ᠰᠢᠢᠳᠪᠦᠷᠢᠯᠡᠬᠦ | ᠪᠣᠯ ᠡᠨᠡ ᠵᠢᠯ ᠤᠨ ᠡᠷᠬᠡᠪᠰᠢ ᠪᠡᠶᠡᠯᠡᠭᠦᠯᠬᠦ ᠡᠭᠦᠷᠭᠡ ᠪᠣᠯᠤᠨ᠎ᠠ᠂ ︽ᠰᠡᠶᠢᠷᠡᠭᠵᠢᠭᠦᠯᠬᠦ︾ ᠪᠠ ︽ᠬᠠᠰᠢᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠭᠤᠷᠪᠠ ᠶᠢ ᠨᠢᠭᠡ ᠴᠤᠬᠴᠠᠵᠢᠭᠤᠯᠬᠤ︾ ᠵᠡᠷᠭᠡ ᠠᠷᠭ᠎ᠠ | ᠬᠡᠮᠵᠢᠶ᠎ᠡ ᠶᠢ ᠬᠡᠷᠡᠭᠯᠡᠵᠦ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢᠨ ᠬᠤᠪᠢᠰᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠨᠤᠲᠤᠭ ᠪᠡᠯᠴᠢᠭᠡᠷ ᠢ | ᠬᠠᠮᠠᠭᠠᠯᠠᠬᠤ ᠶᠢᠨ ᠬᠠᠮᠲᠤ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ | ᠣᠲᠣ ᠶᠢᠨ ᠪᠠᠶᠢᠭ᠎ᠠ ᠡᠬᠢ ᠪᠠᠶᠠᠯᠢᠭ ᠢ ᠭᠦᠢᠯᠭᠡᠭᠡᠨ ᠳᠤ ᠤᠷᠤᠭᠤᠯᠬᠤ᠂ ᠰᠢᠨ᠎ᠡ ᠨᠢᠭᠡ ᠦᠶ᠎ᠡ ᠶᠢᠨ ᠮᠠᠯᠴᠢᠳ ᠢ ᠠᠭᠤᠳᠠᠯᠤᠨ ᠪᠤᠶᠢᠵᠢᠭᠤᠯᠬᠤ ᠪᠠ ᠲᠤᠬᠠᠶ ᠶᠢᠨ | ᠭᠠᠵᠠᠷ ᠲᠤᠨᠢ ᠤᠨᠳᠤᠤᠰᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠪᠠᠯᠠ | ᠮᠥᠩᠭᠦ ᠶᠢᠨ ᠳᠡᠮᠵᠢᠯᠭᠡ ᠶᠢᠨ ᠦᠢᠯᠡᠳᠦᠯ ᠢ ᠪᠠᠳᠠᠷᠠᠭᠤᠯᠵᠤ᠂ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠮᠠᠯᠵᠢᠬᠤ᠂ ᠤᠯᠠᠮᠵᠢᠯᠠᠯᠲᠤ ᠮᠠᠯ ᠠᠵᠤ | ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠰᠢᠰᠲ᠋ᠧᠮ ᠲᠠᠢ | ᠰᠢᠢᠳᠪᠦᠷᠢᠯᠡᠬᠦ︾ ᠶᠢ ᠨᠢᠭᠡ ᠴᠤᠭᠴᠠᠵᠢᠭᠤᠯᠤᠨ ᠵᠣᠯᠭᠠᠭᠤᠯᠬᠤ ᠪᠠ ᠵᠡᠷᠭᠡ ᠪᠠᠷ ᠬᠥᠭᠵᠢᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃ | ︽ᠬᠡᠷᠲᠦ ᠲᠡᠷᠭᠡ + ᠮᠠᠯᠴᠢᠨ ᠠᠶᠢᠯ ᠤᠨ ᠵᠤᠭᠠᠴᠠᠯ︾᠂ ᠠᠷᠠᠳ ᠤᠨ ᠪᠠᠶᠢᠷᠢ ᠶᠢᠨ ᠬᠡᠷ ᠢ ᠥᠭᠡᠷᠡᠴᠢᠯᠡᠨ ᠰᠠᠶᠢᠵᠢᠷᠠᠭᠤᠯᠬᠤ ᠪᠠ ᠵᠣᠨ ᠤ ᠤᠯᠠᠷᠢᠯ ᠤᠨ | ᠵᠢᠭᠤᠯᠴᠢᠯᠠᠯ ᠤᠨ ᠦᠢᠯᠡᠳᠬᠦᠨ ᠤ ᠱᠤᠭᠤᠮ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠤ ᠳᠠᠷᠠᠭ᠎ᠠ᠂ ᠸᠠᠩ ᠸᠠᠩ ᠱᠧᠩ ︽ᠬᠥᠯᠥᠨ ᠪᠤᠶᠢᠷ ᠤᠨ ᠰᠠᠷᠠᠭᠤᠯ ᠲᠠᠯ᠎ᠠ | ︾ ᠨᠠᠷᠠᠲᠤ ᠲᠡᠮᠳᠡᠭᠲᠦ ᠶᠢ ᠦᠷᠭᠦᠯᠵᠢᠯᠡᠨ ᠳᠡᠯᠭᠡᠷᠡᠭᠦᠯᠵᠦ᠂ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠠᠷᠭ᠎ᠠ ᠵᠠᠮ ᠤᠨ ᠳᠠᠪᠠᠭᠤᠯᠢᠭ ᠢ ᠪᠠᠳᠠᠷᠠᠭᠤᠯᠵᠤ᠂ ᠮᠠᠯᠴᠢᠨ | ᠲᠦᠮᠡᠨ ᠢ ᠬᠥᠲᠥᠯᠥᠨ ᠵᠢᠯᠣᠭᠤᠳᠴᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠬᠤ ᠬᠡᠷᠡᠭᠲᠡᠶ᠃ ᠠᠶᠠᠯᠭᠤᠲᠤ ᠵᠢᠭᠤᠯᠴᠢᠯᠠᠯ | ᠥᠪᠥᠷ ᠮᠣᠩᠭᠤᠯ᠂ ᠡᠳᠦᠷ ᠪᠦᠷᠢ ᠨᠠᠭᠠᠳᠤᠮ᠂ ᠤᠲᠤᠷ ᠨᠡᠭᠦᠳᠡᠯ ᠵᠡᠷᠭᠡ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ | ᠪᠠᠷᠢᠯ ᠢ ᠬᠡᠷᠡᠭᠯᠡᠨ ᠦᠢᠯᠡᠳᠪᠦᠷᠢᠯᠡᠯ ᠠᠮᠢᠳᠤᠷᠠᠯ ᠤᠨ ᠲᠠᠯᠠᠪᠤᠷ ᠪᠣᠯᠤᠨ ᠠᠮᠢ ᠠᠬᠤᠶ ᠶᠢᠨ ᠡᠯᠧᠮᠧᠨ᠋ᠲ ᠢ ᠨᠢᠭᠡ ᠴᠣᠭᠴᠠᠵᠢᠭᠤᠯᠤᠭᠰᠠᠨ ᠦᠢᠯᠡᠳᠬᠦᠨ ᠤ | ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ ᠶᠢ ᠴᠢᠬᠤᠯᠠᠴᠢᠯᠠᠵᠤ᠂ ᠵᠢᠭᠤᠯᠴᠢᠯᠠᠭᠰᠠᠳ ᠲᠤ ᠨᠡᠭᠦᠳᠡᠯ ᠮᠠᠯᠵᠢᠯ ᠤᠨ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ | ᠬᠡᠷᠡᠭᠯᠡᠭᠡ ᠶᠢ ᠲᠤᠬᠠᠶ ᠶᠢᠨ ᠭᠠᠵᠠᠷ ᠲᠤᠨᠢ ᠦᠯᠡᠳᠡᠭᠡᠬᠦ ᠬᠡᠷᠡᠭᠲᠡᠶ ᠭᠡᠵᠡᠢ᠃ ᠸᠠᠩ ᠸᠠᠩ ᠱᠧᠩ ᠬᠥᠯᠥᠨ ᠨᠠᠭᠤᠷ ᠤᠨ ᠡᠷᠭᠢ ᠳᠠᠭᠠᠤ ᠨᠠᠭᠤᠷ ᠤᠨ ᠭᠠᠳᠠᠷᠭᠤ ᠵᠢᠴᠢ | ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢᠨ ᠪᠠᠶᠢᠳᠠᠯ ᠢ ᠲᠣᠭᠤᠷᠢᠨ ᠪᠠᠶᠢᠴᠠᠭᠠᠵᠤ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ | ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ | ᠨᠢᠭᠡᠨᠲᠡ ᠪᠠᠶᠢᠭᠤᠯᠤᠭᠰᠠᠨ ᠢᠨᠵᠧᠨᠧᠷᠢᠩ ᠤᠨ ᠲᠦᠷᠦᠯ ᠵᠦᠢᠯ ᠤᠨ ᠥᠨᠢᠳᠡ ᠶᠢᠨ ᠦᠷ᠎ᠡ ᠠᠰᠢᠭ ᠢ ᠰᠠᠶᠢᠲᠤᠷ ᠪᠠᠳᠠᠷᠠᠭᠤᠯᠵᠤ᠂ ᠪᠠᠶᠢᠩᠭᠤ ᠶᠢᠨ ᠤᠷᠳᠤ | ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠤᠨ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ | ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |