ᠵᠢᠢ ᠶᠦᠩ ᠴᠢᠶᠠᠨ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠯᠢ ᠭᠦᠸᠧ ᠬᠤᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/20
    5 ᠳ᠋ᠤᠭᠠᠷ ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠯᠢ ᠭᠦᠸᠧ ᠬᠤᠩ ᠨᠠᠷ ᠲᠠᠢ ᠠᠭᠤᠯᠵᠠᠪᠠ᠃ ᠵᠢᠢ ᠶᠦᠩ ᠴᠢᠶᠠᠨ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠣᠷᠳᠣ ᠬᠤᠭᠤᠴᠠᠭᠠᠨ ᠤ ᠲᠤᠷᠰᠢ ᠬᠥᠯᠥᠨ ᠪᠤᠶᠢᠷ ᠬᠤᠲᠠ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃    ᠲᠡᠷᠡ᠂ ᠣᠳᠣᠬᠠᠨ ᠳᠤ ᠬᠥᠯᠥᠨ ᠪᠤᠶᠢᠷ ᠬᠤᠳᠠ ᠶᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ ᠪᠤᠢ᠃ ᠬᠤᠶᠠᠷ ᠲᠠᠯ᠎ᠠ ᠪᠠᠷ ᠢᠶᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠳᠤ ᠰᠠᠭᠤᠷᠢᠯᠠᠨ᠂ ᠷᠠᠳᠢᠣ᠋ ᠲᠧᠯᠸᠢᠰ ᠤᠨ ᠰᠦᠯᠵᠢᠶᠡᠨ ᠤ ᠳᠡᠭᠡᠭᠰᠢᠯᠡᠯᠲᠡ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠵᠡᠷᠭᠡ ᠲᠠᠯ᠎ᠠ ᠪᠠᠷ ᠨᠠᠩ ᠨᠢᠭᠲᠠ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ᠃     ᠪᠢᠳᠡ ᠺᠣᠮᠫᠠᠨᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠬᠠᠮᠲᠤᠷᠠᠯᠴᠠᠭᠠᠨ ᠤ ᠵᠦᠢᠯᠡᠰ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤ ᠪᠠᠷ ᠬᠥᠭᠵᠢᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃ ᠯᠢ ᠭᠦᠸᠧ ᠬᠤᠩ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠮᠡᠷᠭᠡᠵᠢᠯ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠪᠠᠷ ᠬᠥᠯᠥᠨ ᠪᠤᠶᠢᠷ ᠬᠤᠲᠠ ᠲᠠᠢ ᠣᠷᠳᠣ ᠬᠤᠭᠤᠴᠠᠭᠠᠨ ᠤ᠂ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ