4 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 | ᠣᠨ ᠤ 7 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠤᠨ ᠪᠥᠬᠦ ᠲᠠᠯ᠎ᠠ ᠶᠢᠨ ᠦᠵᠡᠯᠲᠡ ᠶᠢ ᠪᠠᠲᠤ ᠪᠣᠶ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ | ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠴᠡᠷᠢᠭ ᠪᠣᠯᠤᠨ ᠬᠡᠷ ᠪᠦᠯᠢ ᠶᠢᠨ ᠬᠢᠨ ᠤ | ᠬᠦᠴᠢᠷ ᠵᠣᠪᠠᠭᠤᠷᠢ ᠶᠢ ᠢᠳᠡᠪᠬᠢᠲᠡᠶ ᠰᠢᠢᠳᠪᠦᠷᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠵᠢᠯ ᠣᠯᠵᠤ ᠦᠢᠯᠡᠰ ᠪᠤᠰᠬᠠᠬᠤ᠂ | ᠠᠰᠠᠷᠠᠮᠵᠢ ᠬᠠᠷᠠᠭᠠᠯᠵᠠᠯ ᠦᠵᠡᠭᠦᠯᠬᠦ ᠪᠠ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠴᠡᠷᠢᠭ | ᠠᠩᠭᠢ ᠶᠢᠨ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠬᠤ ᠶᠢ ᠳᠡᠮᠵᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠮᠤᠷ ᠠᠮᠤᠭᠤᠯᠠᠩ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠨᠠᠩ ᠶᠡᠭᠡ | ᠦᠢᠯᠡᠳᠦᠯ ᠦᠵᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠪᠣᠯᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠵᠣᠬᠢᠴᠠᠩᠭᠤᠶ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠬᠡᠷᠡᠭᠲᠡᠶ᠃ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠡᠷᠢᠭ | ᠠᠩᠭᠢ ᠪᠠ ᠣᠷᠣᠨ ᠨᠤᠲᠤᠭ ᠤᠨ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠨ᠂ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠨ ᠪᠣᠳᠠᠲᠠᠶ ᠠᠵᠢᠯ ᠬᠢᠬᠦ | ︽ᠬᠤᠤᠰ ᠨᠠᠷᠢᠨ ᠲᠠᠩᠰᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠩ ᠣᠯᠠᠨ ᠶᠠᠩᠵᠤ ᠶᠢᠨ ᠣᠯᠠᠨ ᠲᠦᠮᠡᠨᠴᠢ ᠴᠢᠨᠠᠷᠲᠠᠶ ᠬᠤᠶᠠᠷ ᠢ ᠬᠦᠷᠢᠶᠡᠯᠡᠬᠦ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ ᠤᠯᠤᠰ ᠤᠨ ᠤᠮᠠᠷᠠᠲᠤ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠨ ᠲᠡᠮᠡᠴᠡᠭᠰᠡᠨ ᠰᠠᠶᠢᠨ ᠰᠠᠶᠢᠬᠠᠨ ᠪᠠᠶᠢᠳᠠᠯ ᠢ | ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠬᠤᠯᠪᠣᠭᠳᠠᠯ ᠪᠦᠬᠦᠢ ᠬᠦᠷᠢᠶᠡᠨ ᠤ ᠪᠡᠯᠡ ᠮᠥᠩᠭᠦ ᠶᠢ ᠬᠤᠪᠢᠶᠠᠷᠢᠯᠠᠨ ᠬᠡᠷᠡᠭᠯᠡᠬᠦ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ |