ᠸᠠᠩ ᠸᠠᠩ ᠱᠧᠩ ᠬᠡᠰᠡᠭ ᠬᠤᠰᠢᠭᠤ ᠬᠤᠲᠠ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/5/9
    4 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ᠂ ᠵᠠᠯᠠᠨ ᠠᠶᠢᠯ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠢᠷᠬᠢ ᠪᠠᠯᠭᠠᠰᠤᠨ ᠤ ᠱᠤᠸᠠᠩ ᠯᠦᠩ ᠴᠢᠤᠸᠠᠨ ᠲᠣᠰᠬᠤᠨ ᠪᠠ ᠵᠠᠯᠠᠨ ᠠᠶᠢᠯ ᠬᠤᠲᠠ ᠶᠢᠨ ᠴᠢᠩᠭᠢᠰ ᠬᠠᠭᠠᠨ ᠪᠠᠯᠭᠠᠰᠤᠨ ᠤ ᠵᠢᠶᠠᠨ ᠱᠧ ᠲᠣᠰᠬᠤᠨ ᠳᠤ᠂ ᠸᠠᠩ ᠸᠠᠩ ᠱᠧᠩ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠭᠠᠵᠠᠷ ᠰᠢᠷᠣᠶ ᠶᠢᠨ ᠬᠤᠶᠠᠳᠠᠬᠢ ᠡᠭᠡᠯᠵᠢ ᠶᠢᠨ ᠳᠠᠭᠠᠭᠠᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    ᠲᠡᠷᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠪᠣᠳᠠᠲᠠᠢ ᠠᠳᠬᠤᠵᠤ᠂ ᠤᠯᠠᠨ ᠲᠦᠮᠡᠨ ᠢ ᠨᠢᠭᠲᠠᠷᠠᠭᠤᠯᠬᠤ ᠠᠵᠢᠯ ᠢ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠵᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠪᠥᠬᠦ ᠲᠠᠯ᠎ᠠ ᠪᠠᠷ ᠤᠶᠢᠯᠠᠭᠠᠨ ᠨᠥᠭᠡᠴᠡᠯᠡᠬᠦ ᠬᠡᠷᠡᠭᠲᠡᠶ᠃ ᠭᠠᠵᠠᠷ ᠰᠢᠷᠣᠶ ᠶᠢᠨ ᠬᠤᠶᠠᠳᠠᠬᠢ ᠡᠭᠡᠯᠵᠢ ᠶᠢᠨ ᠳᠠᠭᠠᠭᠠᠴᠢᠯᠠᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ᠂ ᠬᠥᠳᠡᠯᠦᠩᠭᠦᠶ ᠪᠠᠷ ᠮᠥᠷᠳᠡᠬᠦ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠬᠦ ᠬᠡᠷᠡᠭᠲᠡᠶ ᠭᠡᠵᠡᠢ᠃ ᠸᠠᠩ ᠸᠠᠩ ᠱᠧᠩ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠨᠤᠭᠤ ᠭᠠᠵᠠᠷ ᠢ ᠰᠦᠢᠳᠬᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠮᠠᠰᠢ ᠠᠩᠬᠠᠷᠴᠤ ᠪᠠᠶᠢᠪᠠ᠃     ᠲᠡᠷᠡ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠱᠠᠯᠠᠪᠳᠠᠭᠤᠯᠤᠨ ᠵᠢᠯᠣᠭᠤᠳᠴᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠤᠬᠢᠷᠠᠯ ᠲᠠᠢ ᠣᠶᠢᠲᠤ ᠭᠠᠵᠠᠷ ᠪᠣᠯᠤᠨ ᠨᠤᠲᠤᠭ ᠪᠡᠯᠴᠢᠭᠡᠷ ᠢ ᠲᠦᠷᠭᠡᠨ ᠰᠡᠷᠭᠦᠭᠡᠬᠦ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠨ ᠬᠠᠮᠵᠢᠯᠴᠠᠬᠤ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠪᠣᠯᠤᠨ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ᠂ ᠸᠠᠩ ᠸᠠᠩ ᠱᠧᠩ ᠲᠤᠬᠠᠶ ᠶᠢᠨ ᠲᠠᠯᠠᠪᠠᠢ ᠳᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃    ᠲᠡᠷᠡ᠂ ᠠᠵᠤ ᠠᠬᠤᠶᠢᠯᠠᠯ᠂ ᠬᠤᠷᠰᠢᠶᠠᠵᠢᠯ᠂ ᠲᠠᠷᠢᠶᠠᠴᠢᠨ ᠡᠷᠦᠬᠡ ᠶᠢᠨ ᠬᠠᠮᠵᠢᠯᠴᠠᠨ ᠬᠥᠭᠵᠢᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠴᠢᠨᠠᠷᠲᠠᠢ ᠮᠠᠯ ᠠᠵᠤ ᠠᠬᠤᠢ ᠶᠢᠨ ᠦᠢᠯᠡᠴᠢᠯᠡᠭᠡᠨ ᠤ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠨᠤᠭᠤᠳ ᠪᠠᠭ᠎ᠠ ᠬᠡᠪᠴᠢᠶ᠎ᠡ ᠪᠠᠷ ᠬᠡᠪᠴᠢᠶᠡᠵᠢᠭᠦᠯᠦᠭᠰᠡᠨ ᠠᠵᠤ ᠠᠬᠤᠶᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠡ᠃ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠭᠤᠤᠯ ᠠᠵᠢᠯᠯᠠᠭᠠᠨ ᠤ ᠰᠠᠭᠤᠷᠢᠨ ᠭᠠᠵᠠᠷ ᠲᠤ᠂ ᠸᠠᠩ ᠸᠠᠩ ᠱᠧᠩ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠳᠡᠭᠡᠳᠦ ᠰᠤᠷᠭᠠᠭᠤᠯᠢ ᠶᠢᠨ ᠳᠠᠪᠠᠭᠤᠯᠢᠭ ᠢᠶᠠᠨ ᠪᠠᠳᠠᠷᠠᠭᠤᠯᠬᠤ᠂ ᠬᠠᠷᠠᠯᠲᠠ ᠲᠠᠢ ᠪᠠᠷ ᠰᠤᠮᠤ ᠬᠠᠷᠪᠤᠬᠤ ᠶᠢ ᠵᠣᠷᠢᠭᠵᠢᠭᠤᠯᠵᠤ᠂ ᠠᠭᠠᠷ ᠤᠨ ᠠᠶᠠᠯᠠᠯ ᠤᠨ ᠬᠥᠮᠦᠵᠢᠯ ᠪᠣᠯᠪᠠᠰᠤᠷᠠᠭᠤᠯᠤᠯ᠂ ᠨᠡᠶᠢᠳᠡᠮ ᠲᠡᠭᠡᠭᠡᠪᠦᠷᠢ ᠶᠢᠨ ᠵᠠᠰᠠᠯᠲᠠ ᠶᠢ ᠪᠠᠲᠤᠯᠠᠬᠤ᠂ ᠳᠣᠤᠷ᠎ᠠ ᠠᠭᠠᠷ ᠤᠨ ᠵᠢᠭᠤᠯᠴᠢᠯᠠᠯ᠂ ᠠᠭᠠᠷ ᠤᠨ ᠠᠶᠠᠯᠠᠯ ᠤᠨ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠳᠠᠬᠢ ᠬᠠᠮᠵᠢᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠪᠠᠷ ᠴᠢᠷᠮᠠᠶᠢᠬᠤ ᠬᠡᠷᠡᠭᠳᠡᠢ ᠭᠡᠵᠡᠢ᠃ ᠡᠨᠡ ᠬᠤᠭᠤᠴᠠᠭᠠᠨ ᠳᠤ᠂ ᠸᠠᠩ ᠸᠠᠩ ᠱᠧᠩ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠠᠪᠤᠷ ᠵᠤᠨ ᠤ ᠤᠯᠠᠷᠢᠯ ᠤᠨ ᠵᠢᠭᠤᠯᠴᠢᠯᠠᠯ ᠪᠣᠯᠤᠨ ᠭᠠᠯ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠠᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ