5 ᠰᠠᠷ᠎ᠠ ᠶᠢᠨ 5 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠠᠭᠤᠴᠢᠨ ᠪᠠᠷᠭᠤ ᠬᠤᠰᠢᠭᠤᠨ ᠳᠤ ᠪᠠᠶᠢᠴᠠᠭᠠᠨ ᠰᠤᠳᠤᠯᠤᠯᠲᠠ | ᠬᠢᠪᠡ᠃ ᠬᠦᠬᠡᠨᠠᠭᠤᠷ ᠪᠠᠯᠭᠠᠰᠤᠨ ᠤ ᠪᠠᠶᠠᠨᠪᠦ᠋ᠷᠢᠳᠦ ᠭᠠᠴᠠᠭᠠᠨ ᠤ ᠮᠠᠯᠴᠢᠳ ᠤᠨ ᠬᠡᠷ ᠲᠤ ᠬᠦᠷᠴᠦ᠂ ᠸᠠᠩ ᠸᠠᠩ ᠱᠧᠩ ᠲᠤᠬᠠᠶ ᠶᠢᠨ ᠭᠠᠵᠠᠷ ᠤᠨ ᠺᠠᠳ᠋ᠷ ᠣᠯᠠᠨ | ᠲᠦᠮᠡᠨ ᠲᠠᠢ ᠶᠠᠷᠢᠯᠴᠠᠨ᠂ ᠨᠤᠲᠤᠭ ᠪᠡᠯᠴᠢᠭᠡᠷ ᠤᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠤᠷᠰᠢᠯᠲᠠ ᠶᠢᠨ ᠠᠵᠢᠯ ᠢ ᠥᠷᠨᠢᠭᠦᠯᠬᠦ | ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠰᠢᠢᠳᠪᠦᠷᠢᠯᠡᠬᠦ ᠠᠷᠭ᠎ᠠ ᠶᠢ ᠬᠠᠮᠲᠤ ᠪᠠᠷ ᠶᠠᠷᠢᠯᠴᠠᠪᠠ᠃ | ᠸᠠᠩ ᠸᠠᠩ ᠱᠧᠩ᠂ ᠡᠨᠡ ᠬᠦ ᠠᠵᠢᠯ ᠨᠢ ᠮᠠᠯᠴᠢᠨ ᠲᠠᠷᠢᠶᠠᠴᠢᠨ ᠤ ᠲᠤᠰ ᠪᠡᠶ᠎ᠡ ᠶᠢᠨ ᠠᠰᠢᠭ ᠲᠤᠰᠠ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠲᠠᠢ ᠬᠤᠯᠪᠣᠭᠳᠠᠵᠤ ᠪᠠᠶᠢᠳᠠᠭ᠂ ᠠᠬᠢᠭᠤᠯᠬᠤ ᠶᠠᠪᠤᠴᠠ ᠳᠤ ᠡᠷᠬᠡᠪᠰᠢ ᠲᠦᠷᠦ ᠶᠢᠨ ᠪᠤᠳᠤᠯᠭ᠎ᠠ ᠶᠢ ᠨᠡᠪᠲᠡᠷᠬᠡᠢ ᠡᠵᠡᠮᠰᠢᠵᠦ᠂ ᠲᠡᠰ ᠳᠠᠷᠠᠭᠠᠯᠠᠯ ᠢ ᠴᠢᠩᠭ᠎ᠠ | ᠵᠢᠷᠤᠮᠵᠢᠭᠤᠯᠵᠤ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠲᠣᠭᠲᠠᠭᠤᠨ ᠪᠥᠭᠡᠳ ᠤᠷᠳᠤ ᠬᠤᠭᠤᠴᠠᠭ᠎ᠠ ᠪᠠᠷ ᠬᠤᠪᠢᠷᠠᠬᠤ ᠦᠭᠡᠢ ᠪᠠᠶᠢᠬᠤ ᠶᠢ | ᠪᠠᠲᠤᠯᠠᠬᠤ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠬᠥᠮᠦᠨ ᠠᠮᠠ᠂ ᠨᠤᠲᠤᠭ ᠪᠡᠯᠴᠢᠭᠡᠷ ᠪᠣᠯᠤᠨ ᠠᠰᠠᠭᠤᠳᠠᠯ ᠤᠨ ᠰᠠᠭᠤᠷᠢ ᠲᠤᠭ᠎ᠠ ᠶᠢ | ᠲᠣᠳᠣᠷᠬᠠᠢ ᠣᠶᠢᠯᠠᠭᠠᠬᠤ ᠶᠢ ᠲᠦᠷᠭᠡᠳᠬᠡᠵᠦ᠂ ᠪᠦᠬᠦ ᠬᠤᠳᠠ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠲᠣᠣᠷ︾ | ᠲᠤ ᠣᠷᠣᠭᠤᠯᠵᠤ᠂ ᠲᠡᠷᠡ ᠬᠡᠪ ᠢᠶᠠᠷ ᠨᠢ ᠬᠡᠷᠡᠭᠵᠢᠬᠦᠯᠬᠦ᠋ᠢᠴᠡ᠂ ᠳᠡᠯᠭᠡᠷᠡᠭᠦᠯᠬᠦ᠋ᠢᠴᠡ ᠴᠤᠪᠤᠷᠠᠯ ᠤᠨ ᠦᠯᠢᠭᠡᠷ ᠳᠡᠪᠲᠡᠷ ᠢ ᠪᠦᠷᠢᠯᠳᠦᠭᠦᠯᠬᠦ ᠶᠢ ᠠᠬᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠬᠤ ᠬᠡᠷᠡᠭᠲᠡᠢ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠪᠣᠯᠤᠨ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠬᠢᠵᠠᠭᠠᠷᠯᠠᠬᠤ ᠲᠣᠭᠲᠠᠴᠠ ᠶᠢ ᠠᠯᠬᠤᠮ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠴᠢᠨ | ᠲᠠᠷᠢᠶᠠᠴᠢᠳ ᠤᠨ ᠠᠰᠢᠭ ᠲᠤᠰᠠ ᠶᠢ ᠪᠠᠲᠤᠯᠠᠬᠤ ᠮᠥᠷᠲᠡᠭᠡᠨ ᠪᠠᠰᠠ ᠲᠡᠭᠦᠨ ᠤ ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ᠃ ᠤᠷᠲᠤᠳᠬᠠᠨ | ᠳᠠᠭᠠᠭᠠᠴᠢᠯᠠᠭᠤᠯᠬᠤ ᠠᠵᠢᠯ ᠤᠨ ᠳᠤᠮᠳᠠ ᠢᠯᠡᠷᠡᠭᠰᠡᠨ ᠲᠡᠤᠬᠡᠨ ᠦᠯᠡᠳᠡᠭᠳᠡᠯ ᠠᠰᠠᠭᠤᠳᠠᠯ ᠵᠢᠴᠢ ᠰᠢᠨ᠎ᠡ ᠪᠠᠶᠢᠳᠠᠯ ᠢ ᠭᠦᠨᠵᠡᠭᠡᠢ ᠪᠠᠶᠢᠴᠠᠭᠠᠨ ᠰᠤᠳᠤᠯᠵᠤ᠂ | ᠶᠡᠷᠦᠩᠬᠡᠶᠢᠯᠡᠨ ᠵᠠᠳᠠᠯᠵᠤ᠂ ᠬᠠᠤᠯᠢ ᠲᠣᠭᠲᠠᠭᠠᠯ ᠶᠣᠰᠣᠭᠠᠷ ᠲᠣᠬᠢᠲᠠᠢ ᠰᠢᠢᠳᠪᠦᠷᠢᠯᠡᠬᠦ ᠬᠡᠷᠡᠭᠳᠡᠢ ᠭᠡᠵᠡᠢ᠃ ᠸᠠᠩ ᠸᠠᠩ ᠱᠧᠩ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠭᠠᠴᠠᠭ᠎ᠠ ᠳᠤ ᠭᠦᠨᠵᠡᠭᠡᠶᠢᠷᠡᠨ ᠡᠯ᠎ᠡ ᠵᠦᠢᠯ ᠤᠨ ᠠᠵᠢᠯ ᠢ ᠠᠬᠢᠭᠤᠯᠤᠭᠰᠠᠨ ᠪᠠᠶᠢᠳᠠᠯ ᠢ ᠣᠶᠢᠯᠠᠭᠠᠪᠠ᠃ ᠤᠯᠠᠭᠠᠨ | ᠲᠦᠷᠦᠭᠦᠲᠦ ᠬᠤᠨᠢᠨ ᠤ ᠰᠠᠭᠤᠷᠢᠨ ᠭᠠᠵᠠᠷ᠂ ᠮᠠᠯ ᠨᠢᠲᠤᠯᠬᠤ ᠠᠵᠤ ᠠᠬᠤᠶᠢᠯᠠᠯ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠢ ᠪᠠᠶᠢᠴᠠᠭᠠᠨ ᠰᠤᠳᠤᠯᠪᠠ᠃ ᠸᠠᠩ ᠸᠠᠩ ᠱᠧᠩ᠂ ᠥᠭᠡᠷᠡᠴᠢᠯᠡᠯᠲᠡ ᠪᠠᠷ ᠭᠠᠷᠳᠠᠴᠠ | ᠪᠣᠯᠭᠠᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ᠂ | ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠣᠷᠣᠨ ᠪᠦᠰᠡ ᠶᠢᠨ ᠲᠦᠷᠦᠯ ᠲᠡᠮᠳᠡᠭ ᠢ ᠡᠭᠦᠳᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠦᠢᠯᠡᠳᠪᠦᠷᠢᠯᠡᠯ ᠤᠨ ᠥᠪᠡᠷ ᠤᠨ ᠦᠷᠳᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠨᠡᠩ ᠤᠯᠠᠨ ᠮᠠᠯᠴᠢᠳ ᠲᠤ ᠠᠰᠢᠭ ᠬᠦᠷᠲᠡᠭᠡᠬᠦ | ᠬᠡᠷᠡᠭᠲᠡᠢ᠃ | ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠬᠤᠪᠢ ᠣᠷᠣᠭᠤᠯᠤᠨ ᠡᠵᠡᠩᠨᠡᠬᠦ ᠶᠢ ᠠᠬᠢᠭᠤᠯᠵᠤ᠂ ︽ᠪᠠᠭ᠎ᠠ᠂ ᠲᠠᠷᠠᠬᠠᠢ᠂ ᠪᠠᠭᠤᠷᠠᠢ︾ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠰᠢᠨ᠎ᠡ ᠠᠵᠤ ᠦᠢᠯᠡᠰ ᠤᠨ ᠬᠡᠯᠬᠢᠶ᠎ᠡ ᠪᠣᠯᠤᠨ ᠠᠵᠢᠯ ᠤᠨ ᠬᠤᠪᠢᠶᠠᠷᠢᠯᠠᠯ ᠳᠤᠮᠳᠠ᠂ ᠰᠢᠨ᠎ᠡ ᠨᠢᠭᠡ ᠦᠶ᠎ᠡ ᠶᠢᠨ ᠮᠠᠯᠴᠢᠨ ᠲᠠᠷᠢᠶᠠᠴᠢᠨ ᠤ ᠬᠦᠴᠦᠨ ᠢ ᠵᠣᠬᠢᠶᠠᠨ | ᠪᠠᠶᠢᠭᠤᠯᠵᠤ᠂ ᠲᠤᠬᠠᠶ ᠶᠢᠨ ᠭᠠᠵᠠᠷ ᠲᠤᠨᠢ ᠬᠤᠪᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢ ᠨᠠᠩ ᠰᠠᠶᠢᠲᠤᠷ | ᠲᠤᠯᠭᠠᠭᠤᠷᠢᠯᠠᠬᠤ ᠬᠡᠷᠡᠭᠲᠡᠶ ᠭᠡᠵᠡᠢ᠃ ᠸᠠᠩ ᠸᠠᠩ ᠱᠧᠩ ᠪᠠᠰᠠ ᠠᠵᠤ ᠠᠬᠤᠢ ᠶᠢᠨ ᠡᠷᠭᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ | ᠠᠬᠤᠶᠢᠯᠠᠯ ᠢ ᠲᠤᠰᠠᠯᠠᠬᠤ ᠠᠵᠢᠯᠯᠠᠭᠠᠨ ᠵᠡᠷᠭᠡ ᠠᠵᠢᠯ ᠢ ᠪᠠᠶᠢᠴᠠᠭᠠᠨ ᠰᠤᠳᠤᠯᠵᠠᠢ᠃ |