ᠸᠠᠩ ᠸᠠᠩ ᠱᠧᠩ ᠵᠢᠢ ᠶᠦᠩ ᠴᠢᠶᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠶᠠᠨ ᠪᠦᠦ ᠡᠨᠧᠷᠭᠢ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᠶᠦᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/9
    5 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠶᠠᠨ ᠪᠦᠦ ᠡᠨᠧᠷᠭᠢ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᠶᠦᠩ ᠨᠠᠷ ᠲᠠᠢ ᠠᠭᠤᠯᠵᠠᠪᠠ᠃ ᠸᠠᠩ ᠸᠠᠩ ᠱᠧᠩ ᠯᠢᠦ ᠶᠦᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃    ᠲᠡᠷᠡ᠂ ᠬᠥᠯᠥᠨ ᠪᠤᠶᠢᠷ ᠬᠤᠳᠠ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭᠠᠨ︾ ᠢ ᠥᠷᠨᠢᠭᠦᠯᠬᠦ ᠵᠢᠴᠢ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠪᠣᠯᠤᠨ ᠪᠦᠬᠦ ᠬᠦᠷᠢᠶ᠎ᠡ ᠪᠦᠬᠦ ᠡᠯᠧᠮᠧᠨ᠋ᠲ ᠤᠨ ᠵᠢᠭᠰᠠᠭᠠᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ︽ᠬᠤᠶᠠᠷ ᠢ ᠬᠤᠪᠢᠷᠠᠭᠤᠯᠬᠤ︾ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠲᠦᠷᠦᠯ ᠵᠦᠢᠯ ᠪᠣᠯᠤᠨ ᠵᠠᠩᠭᠢᠯᠠᠭ᠎ᠠ ᠶᠢᠨ ᠡᠭᠦᠷᠭᠡ ᠶᠢ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠲᠣᠭᠲᠠᠭᠤᠨ ᠤ ᠳᠤᠮᠳᠠ ᠡᠮᠬᠢ ᠳᠢᠭᠯᠢᠮ ᠲᠠᠢ᠂ ᠲᠣᠭᠲᠠᠭᠤᠨ ᠤ ᠳᠤᠮᠳᠠ ᠠᠬᠢᠯᠳᠠ ᠲᠠᠢ ᠪᠠᠶᠢᠬᠤ ᠶᠢ ᠪᠠᠲᠤᠯᠠᠵᠤ᠂ ᠲᠦᠷᠦᠭᠦᠦ ᠤᠯᠠᠷᠢᠯ ᠳᠤ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃    ᠤᠯᠤᠰ ᠤᠨ ᠡᠨᠧᠷᠭᠢ ᠶᠢᠨ ᠪᠦᠯᠦᠭᠯᠡᠯ ᠤᠨ ᠶᠠᠨ ᠪᠦᠦ ᠡᠨᠧᠷᠭᠢ ᠶᠢᠨ ᠺᠣᠮᠫᠠᠨᠢ ᠪᠣᠯ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠭᠤᠤᠯ ᠬᠦᠴᠦᠨ ᠮᠥᠨ᠂ ᠣᠷᠳᠣ ᠬᠤᠭᠤᠴᠠᠭᠠᠨ ᠤ ᠲᠤᠷᠰᠢ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠨᠢᠭᠲᠠ ᠬᠠᠷᠢᠯᠴᠠᠵᠤ᠂ ᠭᠦᠨ ᠵᠤᠵᠠᠭᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠢᠳᠡᠪᠬᠢᠲᠡᠶ ᠴᠢᠷᠮᠠᠶᠢᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠠᠵᠤ ᠦᠢᠯᠡᠰ ᠤᠨ ᠲᠠᠰ ᠳᠡᠪᠰᠢᠬᠦ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠠᠷᠭ᠎ᠠ ᠪᠤᠳᠤᠵᠤ᠂ ᠠᠷᠭᠠᠴᠠᠬᠤ ᠠᠷᠭ᠎ᠠ ᠰᠦᠪᠡᠭᠴᠢᠯᠡᠨ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠨᠠᠩ ᠰᠠᠶᠢᠲᠤᠷ ᠦᠢᠯᠡᠴᠢᠯᠡᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠯᠢᠦ ᠶᠦᠩ᠂ ᠤᠯᠤᠰ ᠤᠨ ᠡᠨᠧᠷᠭᠢ ᠶᠢᠨ ᠪᠦᠯᠦᠭᠯᠡᠯ ᠤᠨ ᠶᠠᠨ ᠪᠦᠦ ᠡᠨᠧᠷᠭᠢ ᠶᠢᠨ ᠺᠣᠮᠫᠠᠨᠢ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠥᠯᠥᠨ ᠪᠤᠶᠢᠷ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠴᠢᠳᠠᠪᠤᠷᠢ ᠶᠢ ᠪᠠᠳᠠᠷᠠᠭᠤᠯᠵᠤ᠂ ᠬᠠᠮᠲᠤᠷᠠᠯᠴᠠᠭᠠᠨ ᠤ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠭᠡᠵᠦ ᠢᠯᠡᠷᠭᠡᠶᠢᠯᠡᠪᠡ᠃ ᠬᠤᠲᠠ ᠶᠢᠨ ᠤᠳᠤᠷᠢᠳᠤᠯᠭ᠎ᠠ ᠸᠠᠩ ᠮᠧᠩ᠂ ᠵᠢᠶᠠ ᠰᠢᠶᠤᠤ ᠮᠢᠩ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ