5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠳᠤ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠰᠢᠨᠡᠬᠡᠨ ᠪᠠᠷᠠᠭᠤᠨ ᠰᠤᠮᠤ ᠶᠢᠨ ᠪᠠᠶᠠᠨᠬᠤᠰᠢᠭᠤ | ᠭᠠᠴᠠᠭ᠎ᠠ ᠳᠤ᠂ ᠸᠠᠩ ᠸᠠᠩ ᠱᠧᠩ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠲᠣᠰᠬᠤᠨ ᠪᠠ ᠠᠵᠤ ᠠᠬᠤᠶᠢᠯᠠᠯ ᠤᠨ ᠬᠠᠮᠲᠤᠷᠠᠯᠴᠠᠨ ᠡᠵᠡᠩᠨᠡᠬᠦ ᠵᠠᠭᠪᠤᠷ ᠢ ᠣᠶᠢᠯᠠᠭᠠᠪᠠ᠃ | ᠸᠠᠩ ᠸᠠᠩ ᠱᠧᠩ᠂ ᠣᠷᠣᠨ ᠨᠤᠲᠤᠭ ᠤᠨ ᠵᠠᠰᠠᠭ ᠤᠨ ᠣᠷᠳᠣᠨ ᠭᠤᠣᠯ ᠤᠳᠤᠷᠢᠳᠤᠮᠵᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠤᠷᠰᠢᠯᠲᠠ ᠶᠢᠨ | ᠭᠠᠴᠠᠭ᠎ᠠ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠠᠬᠢ | ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠪᠣᠯᠤᠨ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ | ᠪᠣᠷᠣᠯᠠᠭᠤᠯᠬᠤ ᠭᠤᠭᠴᠤᠭ᠎ᠠ ᠳᠠᠬᠢ ᠲᠠᠰᠤᠯᠳᠠᠯ ᠴᠡᠭ ᠪᠣᠯᠤᠨ ᠲᠦᠭᠵᠢᠷᠡᠯ ᠢ ᠨᠢᠭᠡᠳ ᠨᠢᠭᠡ ᠪᠠᠷ ᠨᠡᠪᠲᠡᠷᠡᠭᠦᠯᠵᠦ᠂ ᠪᠦᠬᠦ ᠶᠠᠪᠤᠴᠠ ᠶᠢ ᠮᠥᠷᠳᠡᠬᠦ ᠰᠢᠰᠲ᠋ᠧᠮ ᠢ | ᠲᠦᠷᠭᠡᠨ ᠪᠠᠶᠢᠭᠤᠯᠵᠤ᠂ ᠵᠢᠷᠤᠮᠵᠢᠭᠰᠠᠨ᠂ ᠪᠠᠷᠢᠮᠵᠢᠶᠠᠵᠢᠭᠰᠠᠨ᠂ ᠡᠷᠴᠢᠮᠵᠢᠭᠰᠡᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠡᠯᠬᠢᠶ᠎ᠡ ᠪᠠᠷ ᠲᠥᠯᠥᠪᠵᠢᠭᠦᠯᠦᠨ ᠠᠬᠢᠭᠤᠯᠵᠤ᠂ ᠡᠮᠦᠨ᠎ᠡ᠂ ᠳᠤᠮᠳᠠ᠂ | ᠬᠤᠶᠢᠨᠠᠬᠢ ︽ᠭᠤᠷᠪᠠᠨ ᠦᠵᠦᠭᠦᠷ︾ ᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ︽ᠠᠮᠤ ᠪᠤᠳᠠᠭᠠᠨ ᠤ ᠦᠢᠯᠡᠳᠪᠦᠷᠢᠯᠡᠯ ᠢᠶᠠᠷ ᠲᠦᠷᠦᠭᠦᠯᠡᠵᠦ᠂ ᠢᠳᠡᠭᠡᠨ ᠤ | ᠪᠤᠯᠪᠠᠰᠤᠷᠠᠭᠤᠯᠤᠯᠳᠠ ᠪᠠᠷ ᠬᠠᠪᠰᠤᠷᠭᠠᠬᠤ︾᠂ ︽ᠮᠠᠯ ᠠᠵᠤ ᠠᠬᠤᠢ ᠪᠠᠷ ᠲᠦᠷᠦᠭᠦᠯᠡᠵᠦ᠂ ᠤᠯᠠᠭᠠᠨ ᠢᠳᠡᠭᠡᠨ ᠤ ᠡᠳ᠋ᠰᠢᠭᠦᠯᠦᠯᠳᠡ ᠪᠠᠷ ᠬᠠᠪᠰᠤᠷᠭᠠᠬᠤ︾᠂ ︽ | ᠲᠠᠷᠢᠶᠠᠯᠠᠩ ᠤᠨ ᠦᠢᠯᠡᠳᠪᠦᠷᠢᠯᠡᠯ ᠢᠶᠠᠷ ᠲᠦᠷᠦᠭᠦᠯᠡᠵᠦ᠂ ᠠᠵᠤ ᠦᠢᠯᠡᠳᠪᠦᠷᠢ ᠪᠠᠷ ᠬᠠᠪᠰᠤᠷᠭᠠᠬᠤ︾ ᠠᠵᠢᠯ ᠢ ᠭᠦᠢᠴᠡᠳ ᠰᠠᠶᠢᠲᠤᠷ ᠬᠢᠵᠦ᠂ ᠦᠷ᠎ᠡ ᠠᠰᠢᠭ | ᠦᠢᠯᠡᠳᠬᠦᠨ ᠤ ᠦᠷᠳᠡᠭ ᠢ ᠬᠠᠮᠤᠭ ᠤᠨ ᠶᠡᠭᠡ ᠪᠣᠯᠭᠠᠵᠤ᠂ ᠨᠡᠩ ᠤᠯᠠᠨ ᠮᠠᠯᠴᠢᠳ ᠲᠤ ᠠᠰᠢᠭ ᠬᠦᠷᠲᠡᠭᠡᠬᠦ ᠬᠡᠷᠡᠭᠲᠡᠢ ᠭᠡᠵᠡᠢ᠃ ᠸᠠᠩ ᠸᠠᠩ ᠱᠧᠩ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠬᠤᠸᠠ ᠨᠧᠩ ᠥᠪᠥᠷ ᠮᠣᠩᠭᠤᠯ ᠤᠨ ᠵᠡᠭᠦᠨ | ᠬᠡᠰᠡᠭ ᠤᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠱᠤ᠋ ᠰᠢᠤᠸᠠᠢ ᠲᠠᠢ ᠶᠠᠷᠢᠯᠴᠠᠬᠤ ᠬᠤᠷᠠᠯ ᠬᠢᠵᠦ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠸᠠᠩ ᠸᠠᠩ ᠱᠧᠩ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠣᠷᠣᠨ | ᠨᠤᠲᠤᠭ ᠤᠨ ᠠᠵᠤ ᠠᠬᠤᠢ ᠬᠠᠷᠢᠯᠴᠠᠨ ᠨᠥᠬᠦᠴᠡᠯᠳᠦᠵᠦ᠂ ᠬᠠᠷᠢᠯᠴᠠᠨ ᠲᠤᠯᠭᠠᠭᠤᠷᠢᠯᠠᠵᠤ ᠪᠠᠶᠢᠳᠠᠭ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ | ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠤᠯᠠᠨ ᠤ ᠤᠶᠤᠨ ᠤᠬᠠᠭᠠᠨ ᠬᠠᠮᠲᠤ ᠶᠢᠨ ᠬᠦᠴᠦ ᠪᠠᠷ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ | ᠰᠢᠢᠳᠪᠦᠷᠢᠯᠡᠬᠦ ᠶᠢ ᠬᠠᠮᠲᠤ ᠪᠠᠷ ᠠᠬᠢᠭᠤᠯᠤᠶ᠎ᠠ᠃ ᠨᠡᠭᠦᠷᠡᠰᠦ᠂ ᠴᠠᠬᠢᠯᠭᠠᠨ ᠬᠦᠴᠦ᠂ ᠰᠢᠨ᠎ᠡ ᠡᠨᠧᠷᠭᠢ ᠵᠡᠷᠭᠡ ᠬᠦᠷᠢᠶᠡᠨ ᠤ ᠲᠣᠭᠤᠷᠢᠨ ᠳᠤ ᠬᠠᠮᠵᠢᠯᠴᠠᠭ᠎ᠠ | ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠲᠦᠷᠭᠡᠳᠬᠡᠨ ᠠᠬᠢᠭᠤᠯᠵᠤ᠂ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠶ᠎ᠡ ᠭᠡᠵᠡᠢ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠸᠠᠩ ᠱᠧᠩ ᠲᠤᠬᠠᠶ ᠶᠢᠨ ᠭᠠᠵᠠᠷ ᠤᠨ ᠠᠵᠤ ᠠᠬᠤᠶ ᠶᠢᠨ ᠶᠠᠪᠤᠭᠳᠠᠯ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠣᠯᠤᠨ ᠬᠡᠷ ᠪᠠᠶᠢᠰᠢᠩ ᠤᠨ ᠲᠣᠭᠤᠷᠢᠭ ᠤᠨ ᠥᠭᠡᠷᠡᠴᠢᠯᠡᠯᠲᠡ ᠵᠡᠷᠭᠡ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠪᠠᠬᠢᠵᠢᠭᠦᠯᠵᠦ᠂ ᠦᠢᠯᠡᠴᠢᠯᠡᠭᠡᠨ ᠤ ᠦᠢᠯᠡᠰ ᠪᠣᠯᠤᠨ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠬᠡᠮᠵᠢᠶᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠪᠤᠶᠢᠵᠢᠭᠤᠯᠬᠤ ᠪᠠ ᠲᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠶ ᠲᠥᠯᠥᠪᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠬᠤᠳᠠ ᠶᠢᠨ ᠰᠢᠨᠡᠴᠢᠯᠡᠯᠲᠡ᠂ ᠪᠠᠶᠢᠰᠢᠩ ᠭᠡᠷ ᠤᠨ ᠲᠣᠭᠤᠷᠢᠭ ᠤᠨ ᠥᠭᠡᠷᠡᠴᠢᠯᠡᠯᠲᠡ ᠲᠠᠢ ᠣᠷᠭᠠᠨᠢᠭ ᠢᠶᠠᠷ | ᠤᠶᠠᠯᠳᠤᠭᠤᠯᠵᠤ᠂ ᠤᠨᠴᠠᠯᠢᠬᠳᠤ ᠠᠷᠠᠳ ᠤᠨ ᠣᠷᠣᠨ ᠰᠠᠭᠤᠴᠠ ᠶᠢ ᠴᠣᠭᠴᠠᠯᠠᠬᠤ᠂ ᠰᠤᠯᠠ ᠪᠠᠶᠢᠭ᠎ᠠ ᠭᠠᠵᠠᠷ ᠰᠢᠷᠣᠢ ᠶᠢ ᠭᠦᠢᠯᠭᠡᠭᠡᠯᠡᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠭᠠᠵᠠᠷ ᠣᠷᠣᠨ ᠤ ᠬᠥᠭᠵᠢᠯᠲᠡ ᠳᠤ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ |