ᠬᠤᠰᠢᠭᠤᠨ ᠤ ᠨᠠᠮ ᠤᠨ ᠬᠤᠷᠢᠶᠠᠨ ᠤ ᠱᠦᠵᠢ ᠲᠠᠨ ᠬᠤᠸᠠ ᠪᠦᠬᠦ ᠬᠤᠰᠢᠭᠤᠨ ᠤ ᠪᠠᠭᠠᠴᠤᠳ ᠬᠡᠥᠬᠡᠳ ᠲᠤ ᠪᠠᠶᠠᠷ ᠤᠨ ᠡᠳᠦᠷ ᠤᠨ ᠮᠡᠨᠳᠦ ᠬᠦᠷᠭᠡᠪᠡ
ᠨᠡᠶᠢᠲᠡᠯᠡᠭᠰᠡᠨ ᠴᠠᠭ᠄
2025/6/5
    ︽6 · 1︾ ᠤ ᠳᠡᠯᠡᠬᠡᠶ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠠᠨ ᠬᠤᠸᠠ ᠨᠢᠷᠬᠢ ᠬᠤᠶᠠᠳᠤᠭᠠᠷ ᠦᠨᠳᠦᠰᠦᠲᠡᠨ ᠤ ᠬᠡᠤᠬᠡᠳ ᠤᠨ ᠴᠡᠴᠡᠷᠯᠢᠭ ᠪᠠ ᠳᠥᠷᠪᠡᠳᠦᠭᠡᠷ ᠦᠨᠳᠦᠰᠦᠲᠡᠨ ᠤ ᠬᠡᠤᠬᠡᠳ ᠤᠨ ᠴᠡᠴᠡᠷᠯᠢᠭ ᠲᠤ ᠬᠦᠷᠴᠦ ᠪᠠᠭᠠᠴᠤᠳ ᠬᠡᠤᠬᠡᠳ ᠲᠤ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠰᠤᠷᠭᠠᠨ ᠬᠥᠮᠦᠵᠢᠯ ᠤᠨ ᠨᠢᠭᠡᠳᠦᠭᠡᠷ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠬᠤᠰᠢᠭᠤᠨ ᠤ ᠤᠳᠤᠷᠢᠳᠤᠯᠭ᠎ᠠ ᠸᠠᠩ ᡁᠢ ᠶᠤᠸᠠᠨ᠂ ᠦ᠋ ᠮᠢᠩ ᠰᠢᠤᠸᠠᠢ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠵᠠᠶ᠃     ᠨᠢᠷᠬᠢ ᠬᠤᠶᠠᠳᠤᠭᠠᠷ ᠦᠨᠳᠦᠰᠦᠲᠡᠨ ᠤ ᠬᠡᠦᠬᠡᠳ ᠤᠨ ᠴᠡᠴᠡᠷᠯᠢᠭ ᠪᠣᠯᠤᠨ ᠳᠥᠷᠪᠡᠳᠦᠭᠡᠷ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ᠂ ᠲᠠᠨ ᠬᠤᠸᠠ ᠨᠠᠷ ᠬᠡᠦᠬᠡᠳ ᠤᠳ ᠤᠨ ᠦᠨᠦᠷᠲᠦ ᠤᠭᠤᠲᠠ ᠦᠢᠯᠡᠳᠬᠦ᠂ ᠯᠤᠤᠲᠤ ᠣᠩᠭᠤᠴᠠ ᠵᠢᠷᠤᠬᠤ᠂ ᠰᠣᠨᠢᠷᠬᠠᠯᠲᠤ ᠲᠣᠭᠯᠠᠭᠠᠮ ᠦᠢᠯᠡᠳᠬᠦ ᠵᠡᠷᠭᠡ ᠠᠵᠢᠯᠯᠠᠭ᠎ᠠ ᠶᠢ ᠦᠵᠡᠵᠦ᠂ ᠬᠡᠦᠬᠡᠳ ᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠰᠤᠷᠤᠯᠭ᠎ᠠ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠬᠡᠦᠬᠡᠳ ᠤᠳ ᠲᠤ ᠪᠠᠶᠠᠷ ᠤᠨ ᠡᠳᠦᠷ ᠤᠨ ᠪᠡᠯᠡᠭ ᠬᠦᠷᠭᠡᠵᠦ᠂ ᠲᠡᠳᠡᠨ ᠢ ᠰᠠᠶᠢᠲᠤᠷ ᠰᠤᠷᠤᠯᠴᠠᠵᠤ᠂ ᠡᠷᠡᠭᠦᠯ ᠢᠶᠠᠷ ᠦᠰᠦᠨ ᠪᠤᠶᠢᠵᠢᠭᠤᠯᠬᠤ ᠶᠢ ᠵᠣᠷᠢᠭᠵᠢᠭᠤᠯᠪᠠ᠃ ᠪᠠᠭᠰᠢ ᠨᠠᠷ ᠲᠠᠢ ᠰᠠᠨᠠᠯ ᠢᠶᠠᠨ ᠰᠣᠯᠢᠯᠴᠠᠬᠤ ᠦᠶ᠎ᠡ ᠳᠤ᠂ ᠲᠠᠨ ᠬᠤᠸᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠨᠴᠠᠯᠢᠭ᠂ ᠪᠠᠭᠰᠢ ᠶᠢᠨ ᠲᠣᠬᠢᠷᠠᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠢᠴᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠲᠡᠳᠡᠨ ᠤ ᠰᠤᠷᠭᠠᠨ ᠬᠥᠮᠦᠵᠢᠯ ᠤᠨ ᠤᠭ ᠰᠠᠨᠠᠭ᠎ᠠ ᠪᠠᠨ ᠦᠷᠭᠦᠯᠵᠢᠯᠡᠨ ᠪᠠᠲᠤ ᠰᠠᠬᠢᠵᠤ᠂ ᠬᠡᠤᠬᠡᠳ ᠨᠢᠭᠡᠪᠦᠷᠢ ᠶᠢᠨ ᠡᠷᠡᠭᠦᠯ ᠢᠶᠠᠷ ᠦᠰᠦᠨ ᠪᠤᠶᠢᠵᠢᠬᠤ ᠶᠢ ᠰᠡᠳᠬᠢᠯ ᠲᠠᠯᠪᠢᠨ ᠬᠠᠮᠠᠭᠠᠯᠠᠬᠤ ᠶᠢ ᠬᠦᠰᠡᠪᠡ᠃ ᠲᠡᠷᠡ᠂ ᠪᠠᠭᠠᠴᠤᠳ ᠬᠡᠤᠬᠡᠳ ᠪᠣᠯ ᠡᠬᠡ ᠤᠯᠤᠰ ᠤᠨ ᠢᠷᠡᠭᠡᠳᠦᠶ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠡᠦᠬᠡᠳ ᠤᠳ ᠲᠤ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠲᠡᠳᠡᠨ ᠤ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠶᠢᠨ ᠬᠠᠮᠲᠤ᠂ ᠬᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠶᠢ ᠴᠢᠩᠭᠠᠳᠬᠠᠵᠤ᠂ ᠬᠡᠤᠬᠡᠳ ᠲᠤ ᠡᠷᠡᠭᠦᠯ ᠮᠡᠨᠳᠦ᠂ ᠪᠠᠶᠠᠷ ᠬᠥᠷ ᠲᠠᠢ᠂ ᠠᠮᠤᠷ ᠲᠦᠪᠰᠢᠨ ᠦᠰᠦᠨ ᠪᠤᠶᠢᠵᠢᠬᠤ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ