ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠮᠧᠩ ᠳ᠋ᠠ ᠶᠢᠩ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/6/5
      5 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠮᠧᠩ ᠳ᠋ᠡ ᠶᠢᠩ ᠨᠠᠷ ᠨᠢᠷᠬᠢ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠷᠢᠯᠠᠭᠤᠯᠵᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃       ᠮᠧᠩ ᠳ᠋ᠠ ᠶᠢᠩ ᠵᠢᠭᠠᠵᠤ ᠭᠠᠷᠭᠠᠭᠰᠠᠨ ᠨᠢ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠨᠢ ᠲᠦᠭ ᠲᠦᠮᠡᠨ ᠠᠶᠢᠯ ᠡᠷᠦᠬᠡ ᠶᠢᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠶᠠᠪᠤᠳᠠᠯ ᠪᠣᠯᠤᠨ᠎ᠠ᠃ ᠡᠯ᠎ᠡ ᠰᠠᠯᠠᠭ᠎ᠠ ᠮᠥᠴᠢᠷ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠥᠴᠦᠬᠡᠨ ᠴᠦ ᠠᠯᠳᠠᠰᠢ ᠭᠠᠷᠭᠠᠬᠤ ᠥᠬᠡᠶ᠂ ᠥᠴᠦᠬᠡᠨ ᠴᠦ ᠠᠯᠳᠠᠰᠢ ᠭᠠᠷᠭᠠᠬᠤ ᠥᠬᠡᠶ︾ ᠪᠠᠶᠢᠬᠤ ᠬᠤᠷᠢᠭ᠎ᠠ ᠱᠤᠭᠤᠮ ᠤᠨ ᠰᠡᠳᠬᠢᠬᠦᠶ ᠪᠠ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠲᠤᠷᠰᠢᠯᠭ᠎ᠠ ᠶᠢᠨ ᠦᠵᠡᠯ ᠢ ᠲᠠᠶᠠᠭᠳᠠᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ ᠪᠠᠷ ᠰᠢᠯᠭᠠᠯᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃     ᠮᠧᠩ ᠳ᠋ᠠ ᠶᠢᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠯᠭᠠᠯᠲᠠ ᠠᠴᠠ ᠡᠮᠦᠨᠡᠬᠢ ᠴᠤᠩᠬᠤᠪᠴᠢ ᠶᠢᠨ ᠬᠤᠭᠤᠴᠠᠭ᠎ᠠ ᠶᠢ ᠭᠦᠢᠴᠡᠳ ᠠᠰᠢᠭᠯᠠᠵᠤ᠂ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ᠂ ᠰᠢᠯᠭᠠᠯᠲᠠ ᠶᠢᠨ ᠲᠠᠯᠠᠪᠤᠷ ᠤᠨ ᠲᠥᠬᠦᠭᠡᠷᠦᠮᠵᠢ᠂ ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠯᠠᠨ ᠤᠳᠠᠭ᠎ᠠ ᠪᠥᠬᠦ ᠶᠠᠪᠤᠴᠠ ᠶᠢᠨ ᠰᠣᠷᠢᠯᠲᠠ ᠬᠢᠵᠦ᠂ ᠭᠡᠨᠡᠳᠲᠡ ᠶᠢᠨ ᠪᠠᠶᠢᠳᠠᠯ ᠢ ᠴᠠᠭ ᠲᠤᠬᠠᠶ ᠳᠤᠨᠢ ᠠᠷᠭᠠᠴᠠᠵᠤ᠂ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ︽ᠨᠢᠭᠡ ᠱᠠᠳᠤ ᠨᠢ ᠨᠢᠭᠡ ᠱᠠᠳᠤ ᠪᠠᠨ ᠠᠳᠬᠤᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ︾ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠴᠠᠬᠢᠯᠭᠠᠨ ᠬᠦᠴᠦᠨ᠂ ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠢᠳᠡᠭᠡᠨ ᠤ ᠠᠮᠤᠷ ᠲᠦᠪᠰᠢᠨ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠣᠷᠴᠢᠨ ᠲᠣᠭᠤᠷᠢᠨ ᠤ ᠱᠤᠤᠭᠢᠶᠠᠨ ᠢ ᠪᠠᠭᠠᠰᠬᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠡᠯᠬᠢᠶ᠎ᠡ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠢᠯᠡᠴᠢᠯᠡᠭᠡ ᠪᠠᠲᠤᠯᠠᠭ᠎ᠠ ᠶᠢᠨ ᠲᠣᠤᠷ ᠰᠦᠯᠵᠢᠶ᠎ᠡ ᠶᠢ ᠨᠢᠭᠲᠠ ᠪᠥᠭᠡᠳ ᠪᠠᠲᠤ ᠰᠦᠯᠵᠢᠵᠦ᠂ ᠰᠢᠯᠭᠠᠭᠤᠯᠤᠭᠴᠢ ᠳᠤ ᠡᠷᠬᠡ ᠲᠡᠭᠰᠢ᠂ ᠠᠮᠤᠷ ᠲᠦᠪᠰᠢᠨ᠂ ᠬᠠᠯᠠᠭᠤᠨ ᠳᠤᠯᠠᠭᠠᠨ ᠰᠢᠯᠭᠠᠯᠲᠠ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠯᠠᠪᠳᠠᠭᠤᠨ ᠪᠠᠲᠤᠲᠠᠶ ᠦᠷ᠎ᠡ ᠪᠦᠲᠦᠮᠵᠢ ᠪᠠᠷ ᠰᠢᠯᠭᠠᠭᠤᠯᠤᠭᠴᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠠᠶᠠᠯᠠᠯ ᠢ ᠬᠠᠮᠠᠭᠠᠯᠠᠬᠤ ᠬᠡᠷᠡᠭᠲᠡᠶ᠃
ᠢᠷᠡᠯᠲᠡ᠄ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ