6 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠲᠠᠨ ᠬᠤᠸᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠣᠷᠢᠨᠳᠠᠪᠠᠭ᠎ᠠ | ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 104 ᠳ᠋ᠤᠭᠡᠷ | ᠬᠤᠷᠠᠯ ᠵᠢᠴᠢ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠬᠠᠷᠢᠭᠤ ᠵᠠᠬᠢᠳᠠᠯ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠤᠯᠪᠣᠭᠳᠠᠯ ᠪᠥᠬᠦᠶ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠾᠧᠨᠠᠨ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠣᠷᠭᠠᠨᠢᠭ ᠢᠶᠠᠷ | ᠤᠶᠠᠯᠳᠤᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ︽ᠭᠤᠷᠪᠠᠨ ᠶᠡᠭᠡ ᠰᠠᠭᠤᠷᠢᠨ | ᠭᠠᠵᠠᠷ︾ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠶ ᠨᠠᠷᠢᠯᠢᠭ ᠰᠦᠪᠡᠭᠴᠢᠯᠡᠵᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠳᠠᠬᠢᠨ ᠰᠢᠨ᠎ᠡ ᠶᠢ ᠡᠭᠦᠳᠬᠦ ᠪᠠᠷ ᠬᠦᠴᠦᠯᠡᠬᠦ ᠬᠡᠷᠡᠭᠲᠡᠶ᠃ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢ ᠦᠨᠡᠨ ᠬᠦ ᠪᠠᠲᠤ ᠡᠭᠦᠷᠭᠡᠯᠡᠵᠦ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠬᠤ ᠶᠢ ᠴᠢᠬᠤᠯᠠᠴᠢᠯᠠᠵᠤ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ | ᠠᠬᠢᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠰᠢᠨᠲᠠᠷᠠᠰᠢ ᠦᠭᠡᠢ ᠴᠢᠩᠭᠠᠳᠬᠠᠵᠤ᠂ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ | ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ | ᠪᠠᠲᠤ ᠪᠤᠢ ᠪᠣᠯᠭᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢᠨ | ᠭᠡᠮ ᠰᠣᠭᠤᠭ ᠢ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠪᠦᠬᠦ ᠲᠠᠯ᠎ᠠ ᠪᠠᠷ ᠥᠷᠨᠢᠭᠦᠯᠵᠦ᠂ ᠠᠳᠡᠯ ᠤᠨ ᠭᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠬᠤ | ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠠᠮᠢᠶ᠎ᠠ ᠪᠦᠬᠦᠢ | ᠲᠦᠷᠢᠮ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠪᠠᠷ ᠵᠢᠯᠣᠭᠤᠳᠤᠮᠵᠢ ᠪᠣᠯᠭᠠᠵᠤ᠂ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ | ᠦᠭᠡᠢ᠂ ᠠᠵᠢᠯ ᠬᠢᠬᠦ ᠦᠭᠡᠢ︾ ᠲᠤᠰᠬᠠᠢ ᠵᠠᠰᠠᠯᠲᠠ ᠶᠢ ᠭᠦᠨᠵᠡᠭᠡᠢ ᠪᠣᠳᠠᠲᠠᠢ ᠬᠢᠬᠦ ᠶᠢ ᠠᠬᠢᠭᠤᠯᠵᠤ᠂ ᠴᠢᠩᠭ᠎ᠠ ᠵᠠᠯᠬᠠᠭᠠᠨ ᠴᠡᠭᠡᠷᠯᠡᠭᠦᠯᠬᠦ ᠪᠠ ᠰᠤᠷᠭᠠᠨ | ᠬᠥᠮᠦᠵᠢᠭᠦᠯᠵᠦ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠠᠯᠵᠠᠭᠤ ᠬᠤᠶᠢᠷᠭᠤ ᠰᠤᠯᠠ ᠵᠠᠳᠠᠭᠠᠢ︾ ︽ᠤᠳᠠᠭᠠᠨ ᠪᠦᠳᠦᠭᠦᠯᠢᠭ︾ ᠵᠡᠷᠭᠡ | ᠠᠷᠬᠠᠭ ᠭᠡᠮ ᠢ ᠡᠷᠡᠰ ᠵᠠᠯᠠᠷᠠᠭᠤᠯᠤᠨ ᠵᠠᠰᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ |