‍ᠦ᠋ᠬᠡᠪᠠᠶᠠᠷ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ 110 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/5
    5 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 110 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠥᠳᠡᠯᠮᠦᠷᠢ ᠶᠢᠨ ᠲᠤᠬᠠᠢ ᠴᠢᠬᠤᠯᠠ ᠥᠭᠦᠯᠡᠯᠲᠡ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃   ᠪᠦᠬᠡᠪᠠᠶᠠᠷ᠂ ᠡᠨᠡ ᠵᠢᠯ ᠪᠣᠯ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠲᠠᠨᠢᠯᠴᠠᠭᠤᠯᠵᠤ ᠰᠢᠯᠭᠠᠷᠠᠭᠤᠯᠬᠤ ᠠᠵᠢᠯ ᠤᠨ ᠤᠯᠤᠰ ᠲᠥᠷᠥᠴᠢ ᠴᠢᠨᠠᠷ᠂ ᠤᠷᠢᠳᠠᠪᠠᠷ ᠬᠢᠬᠦ᠂ ᠣᠯᠠᠨ ᠲᠦᠮᠡᠨᠴᠢ ᠴᠢᠨᠠᠷ ᠢ ᠦᠨᠡᠨ ᠬᠦ ᠴᠢᠩᠭᠠᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠬᠠᠮᠢᠶ᠎ᠠ ᠪᠥᠬᠦᠶ ᠲᠣᠭᠲᠠᠭᠠᠯ ᠪᠠ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠰᠢᠯᠭᠠᠷᠠᠭᠤᠯᠬᠤ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃   ᠡᠭᠦᠨ ᠤ ᠬᠠᠮᠲᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢ ᠰᠣᠩᠭᠤᠨ ᠬᠥᠬᠢᠭᠦᠯᠦᠨ ᠰᠠᠶᠢᠰᠢᠶᠠᠬᠤ᠂ ᠤᠬᠠᠭᠤᠯᠤᠨ ᠳᠡᠯᠭᠡᠷᠡᠭᠦᠯᠬᠦ᠂ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠵᠢᠯᠴᠢᠨ ᠠᠩᠭᠢ ᠪᠠ ᠥᠷᠭᠡᠨ ᠣᠯᠠᠨ ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠢ ᠪᠦᠬᠡᠪᠠᠶᠠᠷ᠂ ᠨᠠᠮ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃   ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠲᠦᠷᠦᠭᠦᠯᠡᠨ ︽ᠰᠤᠷᠤᠯᠴᠠᠬᠤ᠂ ᠪᠠᠶᠢᠴᠠᠭᠠᠬᠤ᠂ ᠥᠭᠡᠷᠡᠴᠢᠯᠡᠬᠦ︾ ᠡᠯ᠎ᠡ ᠭᠤᠭᠴᠤᠭ᠎ᠠ ᠶᠢᠨ ᠠᠵᠢᠯ ᠢ ᠰᠠᠶᠢᠲᠤᠷ ᠬᠢᠵᠦ᠂ ᠲᠣᠰ ᠪᠡᠶ᠎ᠡ ᠶᠢᠨ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠨᠠᠮ ᠤᠨ ᠰᠤᠷᠲᠠᠯ ᠵᠠᠰᠠᠭ ᠤᠨ ᠰᠤᠷᠲᠠᠯ ᠪᠠ ᠨᠡᠶᠢᠭᠡᠮ ᠤᠨ ᠰᠤᠷᠲᠠᠯ ᠤᠨ ᠥᠭᠡᠳᠡᠯᠡᠨ ᠳᠠᠪᠰᠢᠬᠤ ᠶᠢ ᠳᠠᠶᠢᠴᠢᠯᠠᠬᠤ ᠬᠡᠷᠡᠭᠲᠡᠶ᠃ ᠨᠠᠮ ᠤᠨ ᠲᠥᠪ ᠬᠤᠷᠢᠶ᠎ᠠ ᠲᠦᠷᠦᠭᠦᠯᠡᠨ᠂ ᠪᠥᠬᠦ ᠨᠠᠮ ᠤᠨ ᠠᠵᠢᠯᠯᠠᠭ᠎ᠠ ᠶᠢᠨ ᠪᠦᠲᠦᠮᠵᠢᠲᠡᠶ ᠠᠷᠭ᠎ᠠ ᠬᠢᠳᠡᠯ ᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠣᠯᠤᠭᠰᠠᠨ ᠢᠯᠡᠳᠲᠡ ᠦᠷ᠎ᠡ ᠪᠦᠲᠦᠮᠵᠢ ᠪᠠ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠮᠠᠨ ᠤ ᠬᠤᠰᠢᠭᠤᠨ ᠤ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ