5 ᠰᠠᠷ᠎ᠠ ᠶᠢᠨ 12 ᠤᠨ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | 2025 ᠣᠨ ᠤ 7 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ | ᠭᠤᠤᠯ ᠳᠤᠭᠤᠶᠢᠯᠠᠩ ᠤᠨ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠨᠠᠮ ᠤᠨ ᠰᠤᠷᠲᠠᠯ ᠴᠢᠬᠡᠴᠢ ᠵᠠᠰᠠᠭ ᠤᠨ ᠬᠤᠶᠠᠳᠤᠭᠠᠷ ᠤᠳᠠᠭ᠎ᠠ ᠶᠢᠨ | ᠬᠠᠮᠲᠤᠷᠠᠭᠰᠠᠨ ᠬᠤᠷᠠᠯ ᠬᠤᠷᠠᠯᠳᠤᠪᠠ᠃ | ᠬᠤᠷᠠᠯ ᠠᠴᠠ ᠬᠤᠯᠪᠣᠭᠳᠠᠯ ᠪᠦᠬᠦᠢ ᠠᠵᠢᠯ ᠬᠡᠷᠡᠭ ᠵᠦᠢᠯᠡᠰ ᠢ ᠰᠤᠳᠤᠯᠵᠤ᠂ ᠬᠤᠯᠪᠣᠭᠳᠠᠯ ᠪᠦᠬᠦᠢ ᠠᠵᠢᠯ ᠤᠨ ᠲᠥᠰᠦᠯ ᠢ ᠬᠢᠨᠠᠨ ᠵᠥᠪᠯᠡᠵᠦ᠂ ᠤᠢᠢᠷ᠎ᠠ ᠶᠢᠨ | ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠳ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ᠂ ᠣᠷᠣᠰᠢᠭᠤᠯᠭ᠎ᠠ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠠᠬᠢ ᠳᠤᠪᠤᠶᠢᠮ᠎ᠠ | ᠠᠰᠠᠭᠤᠳᠠᠯ ᠢ ᠴᠢᠩᠭ᠎ᠠ ᠠᠩᠬᠠᠷᠴᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠴᠡᠭᠴᠡᠯᠡᠨ ᠵᠠᠰᠠᠬᠤ ᠠᠵᠢᠯ ᠢ ᠲᠥᠯᠥᠪᠯᠡᠭᠡ | ᠶᠣᠰᠣᠭᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃ | ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ᠂ ︽12345︾᠂ ᠲᠣᠭᠤᠷᠢᠨ | ᠪᠠᠶᠢᠴᠠᠭᠠᠬᠤ ᠪᠠ ᠳᠡᠭᠡᠳᠦ ᠱᠠᠲᠤᠨ ᠠᠴᠠ ᠲᠤᠰᠢᠶᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠬᠤᠯᠪᠣᠭᠠᠯᠠᠨ ᠬᠥᠳᠡᠯᠦᠯᠴᠡᠬᠦ ᠪᠠᠶᠢᠳᠠᠯ ᠢ ᠪᠦᠷᠢᠯᠳᠦᠭᠦᠯᠵᠦ᠂ | ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠲᠤᠬᠢᠷᠠᠭᠤᠯᠤᠯᠳᠠ ᠶᠢ | ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠲᠤᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠣᠳᠣᠬᠠᠨ ᠳᠤ ᠵᠠᠰᠠᠬᠤ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠬᠢᠨᠠᠨ ᠵᠥᠪᠯᠡᠪᠡ᠃ | | |