ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠴᠢᠬᠡᠴᠢ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 13 ᠤ ᠡᠳᠦᠷ | ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠬᠠᠳᠠ ᠠᠴᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ | ᠴᠠᠷᠠᠭ᠎ᠠ ᠳᠠᠭᠠᠨ ︽ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ︾ ᠰᠤᠷᠤᠯᠴᠠᠯᠭ᠎ᠠ ᠬᠥᠮᠦᠵᠢᠯ ᠤᠨ ᠲᠤᠰᠬᠠᠢ | ᠰᠡᠳᠦᠪᠲᠦ ᠨᠠᠮ ᠤᠨ ᠬᠢᠴᠢᠶᠡᠯ ᠣᠷᠣᠪᠠ᠃ | ᠨᠠᠮ ᠤᠨ ᠬᠢᠴᠢᠶᠡᠯ ᠳᠡᠭᠡᠷ᠎ᠡ ᠬᠠᠳᠠ ᠲᠥᠪ ᠤᠨ ᠨᠠᠢᠮᠠᠨ ᠵᠤᠷᠪᠤᠰ ᠲᠣᠭᠲᠠᠭᠠᠯ ᠢ ᠨᠡᠶᠢᠲᠡᠯᠡᠭᠰᠡᠨ ᠠᠬᠤᠢ ᠪᠠᠶᠢᠳᠠᠯ᠂ ᠴᠢᠬᠤᠯᠠ ᠶᠡᠭᠡ ᠠᠴᠢ ᠬᠤᠯᠪᠣᠭᠳᠠᠯ ᠠᠴᠠ | ᠭᠠᠷᠳᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭᠠᠨ ᠤ ᠠᠭᠤᠯᠭ᠎ᠠ ᠳᠤ | ᠭᠦᠨᠵᠡᠭᠡᠢ ᠲᠠᠶᠢᠯᠤᠮᠵᠢ ᠬᠢᠵᠡᠢ᠃ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠵᠥᠷᠢᠴᠡᠭᠰᠡᠨ ᠪᠣᠳᠠᠲᠠᠢ ᠢᠯᠡᠷᠡᠯ ᠵᠢᠴᠢ ᠬᠦᠨᠳᠦ ᠨᠣᠴᠢᠲᠠᠢ ᠬᠤᠣᠷ ᠬᠥᠨᠥᠭᠡᠯ ᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠵᠦ᠂ ᠲᠥᠪ ᠤᠨ | ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠪᠣᠯ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠶᠢᠨ ᠴᠢᠬᠤᠯᠠ | ᠭᠠᠷᠳᠠᠴᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠳᠦᠷᠢᠮ ᠤᠨ ᠪᠠᠲᠤᠯᠠᠭ᠎ᠠ ᠮᠥᠨ ᠭᠡᠵᠦ ᠴᠢᠬᠤᠯᠠᠴᠢᠯᠠᠪᠠ᠃ ᠬᠠᠳᠠ | ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠲᠤᠰ ᠤᠳᠠᠭᠠᠨ ᠤ ᠨᠠᠮ ᠤᠨ ᠬᠢᠴᠢᠶᠡᠯ ᠤᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠤᠯᠤᠰ | ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠪᠣᠯᠣᠨ ᠶᠣᠰᠣ ᠳᠦᠷᠢᠮ ᠤᠨ ᠤᠬᠠᠮᠰᠠᠷ ᠢᠶᠠᠨ | ᠴᠢᠩᠭᠠᠳᠬᠠᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠡᠷᠡᠰ ᠬᠤᠷᠢᠭᠯᠠᠵᠤ᠂ ᠨᠡᠩ ᠨᠠᠷᠢᠨ ᠬᠢᠨᠠᠮᠠᠭᠠᠢ ᠠᠵᠢᠯ ᠤᠨ ᠣᠪᠣᠷ᠂ ᠨᠡᠩ ᠪᠣᠳᠠᠲᠠᠢ ᠶᠢ ᠡᠷᠬᠢᠮᠯᠡᠭᠰᠡᠨ | ᠠᠵᠢᠯ ᠤᠨ ᠰᠤᠷᠲᠠᠯ ᠢᠶᠠᠷ ᠡᠯ᠎ᠡ ᠲᠦᠷᠦᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃ | | |