ᠠᠷᠪᠠᠨ ᠲᠠᠪᠤᠳᠤᠭᠠᠷ ᠬᠤᠭᠤᠴᠠᠭᠠᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ 109 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ᠂ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠨᠢᠭᠡᠳᠦᠭᠡᠷ ᠤᠳᠠᠭᠠᠨ ᠤ ᠬᠤᠷᠠᠯ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/5
    5 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 109 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ 4 ᠳ᠋ᠤᠭᠡᠷ ᠤᠳᠠᠭᠠᠨ ᠤ ᠬᠤᠷᠠᠯ᠂ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ 1 ᠳ᠋ᠤᠭᠡᠷ ᠤᠳᠠᠭᠠᠨ ᠤ ᠬᠤᠷᠠᠯ᠂ 2025 ᠣᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠬᠤᠷᠠᠯ᠂ 2025 ᠣᠨ ᠤ ᠬᠤᠰᠢᠭᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠦᠬᠡᠪᠠᠶᠠᠷ ᠬᠤᠷᠠᠯ ᠡᠷᠬᠢᠯᠡᠨ ᠶᠠᠷᠢᠶ᠎ᠠ ᠲᠠᠯᠪᠢᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ᠂ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠷᠪᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ᠤᠭᠲᠤᠬᠤ ᠠᠵᠢᠯ ᠢ ᠲᠤᠰᠬᠠᠶ ᠰᠡᠳᠦᠪ ᠢᠶᠠᠷ ᠪᠠᠶᠢᠷᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠬᠤᠷᠠᠯ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠤᠷᠠᠯ ᠤᠨ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠲᠦᠷᠭᠡᠨ ᠬᠤᠪᠢᠰᠤᠯᠲᠠ ᠶᠢᠨ ᠰᠢᠨ᠎ᠡ ᠪᠠᠶᠢᠳᠠᠯ ᠢ ᠣᠨᠣᠪᠴᠢᠲᠠᠶ ᠡᠵᠡᠮᠳᠡᠵᠦ᠂ ᠬᠤᠰᠢᠭᠤᠨ ᠤ ᠠᠵᠤ ᠠᠬᠤᠶ ᠪᠠ ᠠᠵᠤ ᠦᠢᠯᠡᠰ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠶ᠃     ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠯᠠᠭᠤᠴᠤᠳ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠳᠤ ᠵᠠᠯᠠᠭᠤ ᠨᠠᠰᠤᠨ ᠤ ᠬᠦᠴᠦᠨ ᠴᠢᠳᠠᠯ ᠨᠡᠮᠡᠷᠢᠯᠡᠬᠦ ᠬᠡᠷᠡᠭᠲᠡᠢ᠃ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠦᠨᠡᠨ ᠬᠦ ᠠᠷᠢᠯᠭᠠᠬᠤ ᠬᠡᠷᠡᠭᠲᠡᠢ᠃ ᠠᠵᠤ ᠦᠢᠯᠡᠰ ᠤᠨ ᠰᠠᠭᠤᠷᠢ᠂ ᠲᠥᠷᠥ ᠶᠢᠨ ᠪᠣᠳᠣᠯᠭ᠎ᠠ ᠶᠢᠨ ᠬᠠᠨᠳᠤᠰᠢ᠂ ᠬᠠᠷᠠᠯᠲᠠ ᠡᠭᠦᠷᠭᠡ ᠶᠢ ᠲᠣᠭᠲᠠᠭᠤᠨ ᠪᠥᠭᠡᠳ ᠬᠤᠪᠢᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠶᠡᠭᠡ ᠲᠠᠯ᠎ᠠ ᠳᠤ ᠬᠤᠪᠢ ᠨᠡᠮᠡᠷᠢ ᠦᠵᠡᠭᠦᠯᠬᠦ ᠬᠡᠷᠡᠭᠲᠡᠶ᠃   ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠳᠤᠲᠠᠭᠤᠳᠠᠯ ᠢᠶᠠᠨ ᠨᠥᠬᠦᠪᠥᠷᠢᠯᠡᠵᠦ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠮᠠᠯᠴᠢᠨ ᠲᠠᠷᠢᠶᠠᠴᠢᠳ ᠢ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠬᠡᠷᠡᠭᠲᠡᠶ᠃ ᠪᠠᠶᠢᠳᠠᠯ ᠢ ᠲᠣᠳᠣᠷᠬᠠᠶ ᠲᠠᠨᠢᠵᠤ᠂ ᠭᠤᠤᠯᠳᠠᠯᠭ᠎ᠠ ᠶᠢ ᠳᠣᠪᠤᠶᠢᠯᠭᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠠᠵᠢᠯ ᠢ ᠲᠣᠭᠲᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ ᠱᠤᠭᠤᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠭᠰᠡᠨ ᠪᠣᠰᠤᠭ᠎ᠠ ᠴᠣᠭᠴᠠᠲᠤ ᠥᠨᠳᠥᠷ ᠪᠦᠲᠦᠮᠵᠢᠲᠡᠢ ᠤᠯᠤᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ᠂ ᠨᠡᠩ ᠴᠢᠩᠭ᠎ᠠ ᠤᠯᠤᠰ ᠲᠦᠷᠦ ᠶᠢᠨ ᠡᠭᠦᠷᠭᠡᠯᠡᠯ ᠢᠶᠠᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠠᠮᠢ ᠠᠬᠤᠢ ᠶᠢᠨ ᠵᠠᠰᠠᠯᠲᠠ ᠶᠢᠨ ᠪᠠᠶᠢᠷᠢᠰᠢᠯ ᠢ ᠲᠠᠬᠢᠨ ᠴᠣᠭᠴᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ︽ᠴᠢᠩᠭ᠎ᠠ᠂ ᠨᠠᠷᠢᠯᠢᠭ᠂ ᠪᠣᠳᠠᠲᠠᠢ︾ ᠠᠵᠢᠯ ᠤᠨ ᠰᠤᠷᠲᠠᠯ ᠢ ᠪᠠᠳᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠲᠤᠯ ᠦᠭᠡᠢ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ