5 ᠰᠠᠷ᠎ᠠ ᠶᠢᠨ 8 ᠤ ᠡᠳᠦᠷ᠂ ᠬᠤᠲᠠ ᠶᠢᠨ ᠵᠡᠪᠰᠡᠭ ᠤᠨ ᠡᠷᠳᠡᠮ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠨᠠᠷᠢᠨ ᠨᠢᠮᠪᠠᠶ | ᠤᠬᠠᠭᠠᠯᠠᠨ ᠰᠡᠳᠦᠭᠰᠡᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ︿ᠠᠰᠢᠭ ᠲᠠᠢ﹀ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ︾ ᠬᠤᠲᠠ ᠶᠢᠨ | ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠦᠷᠴᠦ᠂ ᠥᠷᠭᠡᠨ ᠣᠯᠠᠨ ᠺᠠᠳ᠋ᠷ ᠠᠵᠢᠯᠲᠠᠨ ᠤ ᠳᠤᠮᠳᠠ ᠪᠡᠶ᠎ᠡ ᠴᠢᠭᠢᠷᠠᠭᠵᠢᠭᠤᠯᠬᠤ | ᠬᠠᠯᠠᠭᠤᠨ ᠥᠷᠨᠢᠯᠲᠡ ᠭᠠᠷᠭᠠᠪᠠ᠃ ᠡᠨᠡ ᠪᠣᠯ ᠵᠡᠪᠰᠡᠭ ᠤᠨ ᠡᠷᠳᠡᠮ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠤᠨ ᠡᠷᠬᠢᠯᠡᠭᠰᠡᠨ ︽ | ᠰᠠᠶᠢᠨ ᠳᠤᠷ᠎ᠠ ᠠᠴᠠ ᠪᠠᠨ ᠤᠮᠠᠷᠠᠲᠤ ᠬᠢᠯᠢ ᠶᠢ ᠭᠡᠶᠢᠭᠦᠯᠦᠭᠰᠡᠨ︾ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ︽ᠵᠢᠷᠭᠤᠭ᠎ᠠ ᠶᠢ ᠣᠷᠣᠭᠤᠯᠬᠤ︾ ᠰᠠᠶᠢᠨ | ᠳᠤᠷ᠎ᠠ ᠶᠢᠨ ᠦᠢᠯᠡᠴᠢᠯᠡᠭᠡᠨ ᠤ ᠦᠷᠭᠦᠯᠵᠢᠯᠡᠯ ᠪᠣᠯᠤᠨ᠎ᠠ᠃ | ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠤᠷᠤᠭᠰᠢᠲᠠᠶ ᠶᠠᠪᠤᠭᠳᠠᠭᠤᠯᠬᠤ ᠶᠢᠨ ᠲᠥᠯᠥᠭᠡ᠂ ᠬᠤᠲᠠ ᠶᠢᠨ | ᠵᠡᠪᠰᠡᠭ ᠤᠨ ᠡᠷᠳᠡᠮ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠤᠨ ᠣᠨᠴᠠ ᠲᠣᠮᠢᠯᠠᠭᠰᠠᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ | ᠲᠠᠮᠢᠷ ᠤᠨ ᠤᠯᠤᠰ ᠤᠨ ᠨᠢᠭᠡᠳᠦᠭᠡᠷ ᠳᠡᠰ ᠤᠨ ᠵᠢᠭᠠᠨ ᠵᠢᠯᠣᠭᠤᠳᠣᠭᠴᠢ ᠯᠢᠦ ᠰᠢᠶᠤᠤ ᠫᠢᠩ᠂ ᠭᠤᠷᠪᠠᠨ ᠡᠳᠦᠷ ᠤᠨ ᠴᠠᠭ ᠢ ᠠᠰᠢᠭᠯᠠᠨ ᠬᠤᠲᠠ ᠶᠢᠨ ᠲᠠᠷᠢᠶᠠᠯᠠᠩ | ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ 20 ᠭᠠᠷᠤᠶ ᠪᠠᠶᠢᠭᠤᠯᠭ᠎ᠠ ᠶᠢᠨ ᠺᠠᠳ᠋ᠷ ᠲᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ︽ | ᠨᠠᠢᠮᠠᠨ ᠬᠡᠰᠡᠭ︾ ᠢ ᠵᠢᠭᠠᠵᠤ ᠥᠭᠪᠡ᠃ ᠯᠢᠦ ᠰᠢᠶᠤᠤ ᠫᠢᠩ ᠲᠤᠰᠬᠠᠢ ᠮᠡᠷᠭᠡᠵᠢᠯ ᠤᠨ ᠡᠷᠡᠭᠦᠯ ᠮᠡᠨᠳᠦ ᠶᠢᠨ ᠮᠡᠳᠡᠯᠭᠡ ᠪᠣᠯᠤᠨ ᠡᠯᠪᠡᠭ ᠪᠠᠶᠠᠯᠢᠭ ᠦᠢᠯᠡᠳᠦᠯᠭᠡ ᠶᠢᠨ | ᠲᠤᠷᠰᠢᠯᠭ᠎ᠠ ᠪᠠᠷ ᠢᠶᠠᠨ ᠺᠠᠳ᠋ᠷ ᠠᠵᠢᠯᠲᠠᠨ ᠳᠤ ᠠᠮᠢᠳᠤᠯᠢᠭ ᠰᠠᠶᠢᠬᠠᠨ ᠪᠡᠶ᠎ᠡ ᠴᠢᠭᠢᠷᠠᠭᠵᠢᠭᠤᠯᠬᠤ ᠮᠡᠳᠡᠯᠭᠡ ᠶᠢᠨ ᠲᠠᠶᠢᠯᠤᠮᠵᠢ ᠬᠢᠵᠡᠢ᠃ | ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ︽ᠨᠠᠢᠮᠠᠨ ᠬᠡᠰᠡᠭ ᠬᠡᠮᠡᠷᠯᠢᠭ︾ ᠤᠨ ᠬᠤᠪᠢᠷᠠᠯᠲᠠ ᠶᠢᠨ ᠲᠡᠦᠬᠡ᠂ ᠬᠥᠳᠡᠯᠭᠡᠭᠡᠨ ᠤ ᠨᠠᠷᠢᠨ ᠵᠦᠢᠯᠡᠰ᠂ | ᠦᠨᠳᠦᠰᠦᠨ ᠪᠡᠶ᠎ᠡ ᠶᠢᠨ ᠬᠡᠯᠪᠡᠷᠢ᠂ ᠠᠮᠢᠰᠬᠤᠯ ᠤᠨ ᠬᠠᠮᠵᠢᠯᠴᠠᠭ᠎ᠠ ᠵᠡᠷᠭᠡ ᠣᠯᠠᠨ ᠲᠠᠯ᠎ᠠ ᠶᠢᠨ ᠮᠡᠳᠡᠯᠭᠡ ᠶᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠵᠤ᠂ | ᠬᠥᠳᠡᠯᠦᠯ ᠪᠦᠷᠢ ᠳᠤ ᠬᠢᠨᠠᠮᠠᠭᠠᠶ ᠰᠣᠷᠢᠯᠲᠠ ᠬᠢᠵᠦ᠂ ᠵᠢᠱᠢᠶ᠎ᠡ ᠦᠵᠡᠭᠦᠯᠬᠦ ᠬᠡᠷᠡᠭᠲᠡᠶ᠃ ᠰᠤᠷᠤᠭᠴᠢᠳ ︽ᠨᠠᠢᠮᠠᠨ ᠬᠡᠰᠡᠭ ᠬᠡᠮᠡᠷᠯᠢᠭ︾ ᠲᠤ ᠭᠦᠨ ᠵᠤᠵᠠᠭᠠᠨ ᠳᠤᠷ᠎ᠠ | ᠰᠣᠨᠢᠷᠬᠠᠯ ᠲᠠᠢ ᠪᠣᠯᠵᠤ᠂ ᠬᠠᠷᠢᠯᠴᠠᠨ ᠠᠰᠠᠭᠤᠯᠲᠠ ᠲᠠᠯᠪᠢᠵᠤ᠂ ᠮᠠᠰᠢ ᠬᠥᠷ ᠬᠥᠭᠵᠢᠶᠡᠨ ᠲᠠᠢ ᠪᠠᠶᠢᠯ᠎ᠠ᠃ ᠲᠣᠰ ᠤᠳᠠᠭᠠᠨ ᠤ ᠵᠡᠪᠰᠡᠭ ᠤᠨ ᠡᠷᠳᠡᠮ ᠤᠨ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠨᠢ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠮᠡᠳᠡᠯᠭᠡ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠬᠥᠳᠡᠯᠭᠡᠭᠡᠨ ᠤ ᠵᠢᠯᠣᠭᠤᠳᠣᠯᠭ᠎ᠠ ᠵᠡᠷᠭᠡ ᠣᠯᠠᠨ ᠡᠰᠢᠲᠦ ᠬᠡᠯᠪᠡᠷᠢ ᠪᠠᠷ ᠪᠠᠶᠢᠭᠤᠯᠭ᠎ᠠ ᠶᠢᠨ | ᠺᠠᠳ᠋ᠷ ᠠᠵᠢᠯᠲᠠᠨ ᠠᠵᠢᠯᠴᠢᠨ ᠳᠤ ᠪᠡᠶ᠎ᠡ ᠴᠢᠭᠢᠷᠠᠭᠵᠢᠭᠤᠯᠬᠤ ᠴᠤ᠋ ᠰᠢᠨ᠎ᠡ ᠣᠶᠢᠯᠠᠭᠠᠯᠲᠠ ᠶᠢ ᠠᠪᠴᠢᠷᠠᠭᠰᠠᠨ ᠪᠠᠶᠢᠨ᠎ᠠ᠃ ᠪᠥᠬᠦ ᠲᠠᠯ᠎ᠠ ᠪᠠᠷ ᠪᠡᠶ᠎ᠡ ᠴᠢᠭᠢᠷᠠᠭᠵᠢᠭᠤᠯᠬᠤ | ᠤᠷᠢᠬᠠᠨ ᠰᠠᠯᠬᠢ ᠶᠢ ᠤᠮᠠᠷᠠᠲᠤ ᠬᠢᠯᠢ ᠶᠢᠨ ᠬᠤᠲᠠ ᠳᠤ ᠦᠯᠢᠶᠡᠵᠦ᠂ ᠨᠠᠮ ᠤᠨ ᠲᠥᠪ ᠬᠤᠷᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠪᠠ᠃ | | |