ᠣᠶᠢᠷ᠎ᠠ ᠶᠢᠨ ᠬᠤᠭᠤᠴᠠᠭᠠᠨ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠪᠤᠨ ᠪᠠᠶᠢᠴᠠᠭᠠᠨ | ᠰᠤᠳᠤᠯᠬᠤ ᠳᠤᠭᠤᠶᠢᠯᠠᠩ ᠵᠣᠬᠢᠶᠠᠨ ᠪᠠᠶᠢᠭᠤᠯᠵᠤ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠪᠦᠯᠬᠦᠮ ᠳᠠᠭᠠᠭᠤᠯᠤᠨ ᠬᠤᠰᠢᠭᠤ᠂ ᠰᠤᠮᠤ | ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠪᠠᠶᠢᠴᠠᠭᠠᠨ | ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠡᠯ᠎ᠡ ᠰᠤᠮᠤ ᠪᠠᠯᠭᠠᠰᠤᠨ ᠳᠤ ᠲᠣᠰ ᠲᠣᠰ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠠᠭᠤᠳᠠᠯ ᠤᠨ | ᠬᠤᠷᠠᠯ ᠬᠢᠬᠦ᠂ ᠲᠤᠬᠠᠢ ᠶᠢᠨ ᠲᠠᠯᠠᠪᠤᠷ ᠲᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠡᠭᠡᠷ᠎ᠡ ᠨᠢᠭᠡ ᠡᠭᠡᠯᠵᠢ ᠶᠢᠨ ᠬᠤᠶᠠᠷ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠷᠰᠢᠯᠭ᠎ᠠ ᠦᠷ᠎ᠡ ᠪᠦᠲᠦᠮᠵᠢ ᠵᠢᠴᠢ ᠰᠢᠨ᠎ᠡ ᠨᠢᠭᠡ | ᠡᠭᠡᠯᠵᠢ ᠶᠢᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠰᠠᠨᠠᠯ | ᠰᠠᠨᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠰᠢᠨ᠎ᠡ ᠨᠢᠭᠡ ᠡᠭᠡᠯᠵᠢ ᠶᠢᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠳᠠᠯ ᠢ ᠪᠠᠶᠢᠴᠠᠭᠠᠨ ᠣᠶᠢᠯᠠᠭᠠᠬᠤ ᠪᠠ ᠰᠤᠳᠤᠯᠤᠨ | ᠮᠠᠭᠠᠳᠯᠠᠵᠤ ᠵᠠᠳᠠᠯᠬᠤ ᠠᠵᠢᠯ ᠢ ᠰᠠᠶᠢᠲᠤᠷ ᠬᠢᠵᠦ᠂ ᠥᠩᠭᠡᠷᠡᠭᠰᠡᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠪᠠ | ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠬᠦ ᠬᠡᠷᠡᠭᠲᠡᠢ᠃ ᠤᠷᠢᠳᠴᠢᠯᠠᠨ ᠠᠷᠭ᠎ᠠ ᠰᠦᠪᠡᠭᠴᠢᠯᠡᠨ ᠰᠡᠳᠬᠢᠵᠦ᠂ ᠲᠥᠰᠥᠯ ᠢ ᠰᠤᠳᠤᠯᠤᠨ ᠲᠣᠭᠲᠠᠭᠠᠵᠤ᠂ | ᠰᠣᠩᠭᠤᠭᠤᠯᠢ ᠶᠢᠨ ᠲᠣᠭᠤᠷᠢᠭ ᠢ ᠬᠤᠪᠢᠶᠠᠷᠢᠯᠠᠬᠤ᠂ ᠰᠣᠩᠭᠤᠭᠤᠯᠢ ᠶᠢᠨ ᠠᠷᠠᠳ ᠢ ᠪᠦᠷᠢᠳᠬᠡᠬᠦ᠂ ᠤᠬᠠᠭᠤᠯᠤᠨ ᠪᠣᠯᠪᠠᠰᠤᠷᠠᠭᠤᠯᠬᠤ ᠵᠡᠷᠭᠡ ᠠᠵᠢᠯ ᠢ ᠲᠠᠰᠤᠷᠠᠯᠲᠠ | ᠦᠭᠡᠢ ᠰᠢᠯᠢᠳᠡᠭᠵᠢᠭᠦᠯᠵᠦ᠂ ᠠᠷᠠᠳ ᠤᠨ ᠠᠷᠠᠳᠴᠢᠯᠠᠯ ᠤᠨ ᠡᠷᠬᠡ ᠶᠢᠨ ᠬᠠᠤᠯᠢ ᠶᠣᠰᠣᠭᠠᠷ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠶᠢᠴᠠᠭᠠᠨ | ᠰᠤᠳᠤᠯᠬᠤ ᠳᠤᠭᠤᠶᠢᠯᠠᠩ ᠪᠠᠰᠠ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠤᠨ ᠪᠦᠲᠦᠭᠡᠨ | ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠪᠤᠰᠤᠳ ᠠᠵᠢᠯ ᠢ ᠬᠢᠨᠠᠨ ᠵᠢᠯᠣᠭᠤᠳᠪᠠ᠃ | | |