ᠪᠠᠶᠠᠨᠲᠤᠬᠤᠢ ᠪᠠᠯᠭᠠᠰᠤ ᠶᠢᠨ ᠨᠠᠮ ᠤᠨ ᠬᠤᠷᠢᠶᠠᠨ ᠤ ᠤᠨᠤᠯ ᠰᠣᠷᠣᠯᠴᠠᠯᠭ᠎ᠠ ᠶᠢᠨ ᠭᠤᠣᠯ ᠳᠤᠭᠤᠶᠢᠯᠠᠩ 5 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/5
    5 ᠰᠠᠷ᠎ᠠ ᠶᠢᠨ 15 ᠤ ᠡᠳᠦᠷ᠂ ᠪᠠᠶᠠᠨᠲᠤᠬᠤᠢ ᠪᠠᠯᠭᠠᠰᠤ ᠶᠢᠨ ᠨᠠᠮ ᠤᠨ ᠬᠤᠷᠢᠶᠠᠨ ᠤ ᠤᠨᠤᠯ ᠰᠣᠷᠣᠯᠴᠠᠯᠭ᠎ᠠ ᠶᠢᠨ ᠭᠤᠣᠯ ᠳᠤᠭᠤᠶᠢᠯᠠᠩ 5 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠪᠠᠶᠠᠨᠲᠤᠬᠤᠢ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠯᠢᠦ ᠶᠤᠸᠠᠨ ᠸᠧᠢ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ᠂ ︽ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠤᠩᠰᠢᠬᠤ ᠪᠢᠴᠢᠭ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠥᠪᠡᠷᠲᠡᠭᠡᠨ ᠵᠠᠰᠠᠬᠤ ᠳᠦᠷᠢᠮ︾ ᠢ ᠭᠦᠨᠵᠡᠭᠡᠶᠢᠷᠡᠭᠦᠯᠦᠨ ᠰᠤᠷᠤᠯᠴᠠᠵᠠᠢ᠃ ᠰᠤᠷᠤᠯᠴᠠᠯᠭ᠎ᠠ ᠶᠢᠨ ᠲᠠᠷᠠᠭ᠎ᠠ᠂ ᠬᠤᠷᠠᠯ ᠳᠤ ᠣᠷᠣᠯᠴᠠᠭᠰᠠᠨ ᠭᠡᠰᠢᠭᠦᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠶ᠎ᠠ︾ ᠭᠤᠣᠯ ᠰᠡᠳᠦᠪ ᠤᠨ ᠲᠤᠭᠤᠷᠢᠨ ᠳᠤ ᠲᠥᠪᠯᠡᠷᠡᠩᠭᠦᠢ ᠰᠤᠳᠤᠯᠤᠨ ᠶᠠᠷᠢᠯᠴᠠᠪᠠ᠃    ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ ᠬᠢᠨ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢᠨ ᠭᠤᠣᠯ ᠱᠤᠭᠤᠮ ᠪᠣᠯᠭᠠᠬᠤ ᠶᠢ ᠴᠢᠩᠭᠠᠳᠬᠠᠪᠠ᠃ ᠨᠢᠭᠡ ᠳᠤ ᠤᠨᠤᠯ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠭᠤᠣᠯ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭᠠᠨ ᠤ ᠦᠨᠳᠦᠰᠦ ᠰᠤᠷᠪᠤᠯᠵᠢ ᠶᠢᠨ ᠲᠠᠯ᠎ᠠ ᠠᠴᠠ ᠦᠨᠳᠦᠰᠦᠲᠡᠨ ᠤ ᠠᠵᠢᠯ ᠢ ᠴᠢᠬᠤᠯᠠᠴᠢᠯᠠᠵᠤ᠂ ᠦᠨᠳᠦᠰᠦᠲᠡᠨ ᠤ ᠠᠵᠢᠯ ᠤᠨ ᠵᠥᠪ ᠴᠢᠭᠯᠡᠯ ᠢ ᠡᠵᠡᠮᠳᠡᠬᠦ ᠬᠡᠷᠡᠭᠲᠡᠢ᠃ ᠬᠤᠶᠠᠷ ᠲᠤ᠂ ᠠᠵᠢᠯᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠡᠳᠦᠷ ᠲᠤᠲᠤᠮ ᠤᠨ ᠡᠯ᠎ᠡ ᠵᠦᠢᠯ ᠤᠨ ᠠᠵᠢᠯ ᠵᠢᠴᠢ ᠠᠵᠢᠯᠯᠠᠭ᠎ᠠ ᠳᠤ ᠠᠭᠤᠰᠣᠯᠴᠠᠭᠤᠯᠬᠤ ᠪᠦᠲᠦᠮᠵᠢᠲᠡᠶ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠣᠯᠠᠨ ᠵᠦᠢᠯ ᠤᠨ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠢ ᠪᠣᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠬᠥᠮᠥᠰ ᠲᠤ ᠭᠦᠨᠵᠡᠭᠡᠢ ᠤᠶᠢᠯᠠᠭᠠᠯᠠᠭᠤᠯᠤᠨ᠎ᠠ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠠᠰᠢᠭ ᠵᠶᠡᠨ ᠠᠵᠢᠯ ᠬᠢᠳᠡᠯ ᠤᠨ ᠢᠶᠠᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠡᠶ᠎ᠡ ᠵᠣᠬᠢᠴᠠᠩᠭᠤᠢ᠂ ᠲᠣᠭᠲᠠᠭᠤᠨ᠂ ᠴᠡᠴᠡᠭᠯᠡᠨ ᠬᠥᠭᠵᠢᠭᠰᠡᠨ ᠪᠠᠶᠠᠨᠲᠤᠬᠠᠢ ᠪᠠᠯᠭᠠᠰᠤ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠡᠸᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ