ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠨ ᠲᠦᠦᠱᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠡᠸᠡᠩᠬᠢ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤᠨ ᠤ ᠲᠡᠦᠬᠡ ᠰᠣᠶᠣᠯ ᠪᠠ ᠬᠥᠮᠥᠨ ᠰᠣᠶᠣᠯ ᠤᠨ ᠡᠬᠢ ᠪᠠᠶᠠᠯᠢᠭ ᠢ ᠠᠭᠤᠳᠠᠯᠤᠨ ᠢᠯᠡᠷᠡᠭᠦᠯᠬᠦ ᠪᠠᠷ ᠠᠵᠢᠯ ᠤᠨ ᠡᠭᠦᠷᠭᠡ ᠪᠠᠨ ᠪᠣᠯᠭᠠᠨ᠎ᠠ᠃ | 5 ᠰᠠᠷ᠎ᠠ ᠶᠢᠨ 13 ᠤ ᠡᠳᠦᠷ᠂ ᠬᠤᠰᠢᠭᠤᠨ ᠤ ᠰᠣᠶᠣᠯ ᠤᠨ ᠣᠷᠳᠣᠨ ᠤ ᠰᠣᠶᠣᠯ ᠤᠨ ᠰᠠᠶᠢᠨ ᠳᠣᠷᠠᠴᠣᠳ ᠬᠤᠶ ᠰᠤᠮᠤ ᠳᠤ ᠬᠦᠷᠴᠦ ︽ᠨᠠᠷᠠᠲᠤ | ᠬᠥᠮᠥᠰ ᠤᠨ ᠠᠵᠢᠯᠯᠠᠬᠤ ᠲᠠᠰᠤᠭ︾ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ᠂ ᠬᠤᠰᠢᠭᠤᠨ ᠤ ᠰᠣᠶᠣᠯ ᠤᠨ ᠣᠷᠳᠣᠨ ᠲᠤᠬᠠᠢ ᠶᠢᠨ ᠭᠠᠵᠠᠷ ᠤᠨ ︽ᠨᠠᠷᠠᠲᠤ ᠬᠥᠮᠥᠰ ᠤᠨ ᠠᠵᠢᠯᠯᠠᠬᠤ | ᠲᠠᠰᠤᠭ︾᠂ ᠤᠯᠠᠮᠵᠢᠯᠠᠯᠲᠤ ᠰᠣᠶᠣᠯ ᠤᠷᠠᠯᠢᠭ ᠢ ᠪᠠᠳᠠᠷᠠᠭᠤᠯᠬᠤ ᠨᠣᠮ ᠪᠢᠴᠢᠭ ᠪᠡᠯᠡᠭᠯᠡᠭᠰᠡᠨ ᠪᠥᠭᠡᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾ ︽ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ | ᠵᠠᠯᠭᠠᠮᠵᠢᠯᠠᠭᠴᠢ ᠶᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ ᠶᠢ ᠤᠬᠠᠭᠤᠯᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠣᠶᠣᠯ ᠤᠨ | ᠣᠷᠳᠣᠨ ᠠᠴᠠ ᠲᠤᠬᠠᠢ ᠶᠢᠨ ᠭᠠᠵᠠᠷ ᠤᠨ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠠᠭᠤᠯᠬᠤᠨ ᠢ ᠪᠠᠶᠠᠯᠢᠭᠵᠢᠭᠤᠯᠬᠤ᠂ ᠲᠡᠳᠡᠨ ᠤ ᠥᠷᠨᠢᠭᠦᠯᠦᠭᠰᠡᠨ | ᠤᠯᠠᠮᠵᠢᠯᠠᠨ ᠪᠣᠯᠪᠠᠰᠤᠷᠠᠭᠤᠯᠬᠤ ᠠᠵᠢᠯᠯᠠᠭ᠎ᠠ ᠳᠤ ᠴᠢᠭᠯᠡᠭᠦᠯᠦᠨ ᠨᠠᠩ ᠣᠯᠠᠨ ᠤᠬᠠᠭᠤᠯᠭ᠎ᠠ ᠶᠢᠨ ᠠᠵᠢᠯ ᠬᠢᠬᠦ᠂ ᠪᠦᠯᠬᠦᠮᠳᠡᠨ ᠲᠡᠮᠡᠴᠡᠭᠰᠡᠨ ︽ᠤᠮᠠᠷᠠᠲᠤ ᠶᠢᠨ ᠰᠣᠶᠣᠯ | ︾᠂ ᠰᠢᠨ᠎ᠡ ᠶᠢ ᠡᠭᠦᠳᠬᠦ ︽ᠤᠮᠠᠷᠠᠲᠤ ᠶᠢᠨ ᠰᠣᠶᠣᠯ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠰᠣᠶᠣᠯ︾ ᠢ ᠪᠠᠶᠢᠭᠤᠯᠬᠤ ᠵᠡᠷᠭᠡ | ᠠᠵᠢᠯ ᠳᠤ ᠢᠳᠡᠪᠬᠢᠲᠡᠢ ᠪᠠᠷ ᠵᠣᠯᠭᠠᠭᠤᠯᠵᠤ᠂ ᠬᠦᠴᠦᠨ ᠵᠢᠳᠭᠦᠯ ᠢᠶᠠᠨ ᠡᠷᠭᠦᠨ᠎ᠡ᠃ | | |