ᠸᠠᠩ ᠸᠠᠩ ᠱᠧᠩ ᠵᠢᠢ ᠶᠦᠩ ᠴᠢᠶᠠᠨ ᠬᠠᠶᠢᠯᠠᠷ ᠲᠣᠭᠤᠷᠢᠭ ᠲᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/9
    5 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠠᠶᠢᠯᠠᠷ ᠲᠣᠭᠤᠷᠢᠭ ᠲᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ᠂ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃   ᠢᠮᠢᠨ ᠭᠤᠤᠯ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠣᠷᠳᠣ ᠬᠤᠩᠭᠢᠯ ᠤᠨ ᠪᠥᠲᠥᠭᠡᠨ ᠪᠠᠶᠢᠭᠤᠯᠤᠯᠲᠠ ᠪᠠ ᠰᠥᠨᠢ ᠶᠢᠨ ᠵᠢᠭᠤᠯᠴᠢᠯᠠᠯ ᠤᠨ ᠵᠠᠮ ᠱᠤᠭᠤᠮ ᠤᠨ ᠲᠥᠯᠥᠪᠵᠢᠭᠦᠯᠭᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ᠂ ᠸᠠᠩ ᠸᠠᠩ ᠱᠧᠩ ᠬᠡᠯᠡᠬᠦ ᠳᠡᠭᠡᠨ᠂ ᠨᠢᠳᠤᠨᠤᠨ ᠡᠪᠦᠯ᠂ ᠢᠮᠢᠨ ᠭᠤᠤᠯ ᠤᠨ ᠭᠤᠤᠯ ᠤᠨ ᠵᠠᠮ ᠳᠣᠲᠣᠷ᠎ᠠ ᠡᠷᠭᠢᠯᠡᠭᠰᠡᠨ ᠡᠯ᠎ᠡ ᠲᠥᠷᠥᠯ ᠤᠨ ᠮᠥᠰᠥ ᠴᠠᠰᠤᠨ ᠤ ᠠᠵᠢᠯᠯᠠᠭ᠎ᠠ ᠶᠢᠨ ᠤᠷᠤᠯᠳᠤᠭᠠᠨ ᠨᠢ ᠬᠥᠯᠥᠨ ᠪᠤᠶᠢᠷ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠠᠯᠠᠭᠤᠷᠠᠯ ᠪᠠ ᠠᠯᠳᠠᠷᠰᠢᠯ ᠢ ᠳᠡᠭᠡᠭᠰᠢᠯᠡᠭᠦᠯᠪᠡ᠃ ᠬᠠᠮᠢᠶ᠎ᠠ ᠪᠥᠬᠦᠶ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠡᠨᠡ ᠬᠦ ᠡᠬᠢ ᠪᠠᠶᠠᠯᠢᠭ ᠤᠨ ᠳᠠᠪᠠᠭᠤᠯᠢᠭ ᠢ ᠢᠮᠠᠭᠲᠠ ᠰᠠᠶᠢᠲᠤᠷ ᠠᠰᠢᠭᠯᠠᠵᠤ᠂ ᠬᠤᠲᠠ ᠶᠢᠨ ᠬᠡᠷᠡᠭᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠂ ᠬᠤᠲᠠ ᠶᠢᠨ ᠠᠷᠠᠳ ᠤᠨ ᠵᠢᠭᠤᠯᠴᠢᠯᠠᠭᠰᠠᠳ ᠤᠨ ᠣᠶᠢᠯᠠᠭᠠᠯᠲᠠ ᠶᠢ ᠪᠠᠶᠠᠯᠢᠭᠵᠢᠭᠤᠯᠬᠤ ᠶᠢᠨ ᠲᠣᠭᠤᠷᠢᠨ ᠳᠤ᠂ ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠵᠤᠷᠰᠢᠯ ᠶᠤᠰᠤᠭᠠᠷ ᠦᠷᠬᠦᠯᠵᠢᠯᠡᠨ ᠰᠠᠶᠢᠲᠤᠷ ᠴᠣᠭᠴᠠᠯᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠠᠵᠤ ᠦᠢᠯᠡᠰ ᠤᠨ ᠬᠡᠯᠬᠢᠶ᠎ᠡ ᠶᠢ ᠨᠢᠭᠡᠳᠦᠭᠡᠷ ᠤᠯᠠᠷᠢᠯ ᠠᠴᠠ ᠳᠥᠷᠪᠡᠳᠦᠭᠡᠷ ᠤᠯᠠᠷᠢᠯ ᠲᠡᠶᠢᠰᠢ ᠤᠷᠲᠤᠳᠬᠠᠬᠤ᠂ ᠲᠠᠩ ᠴᠡᠭ ᠠᠴᠠ ᠪᠥᠬᠦ ᠲᠠᠯ᠎ᠠ ᠪᠠᠷ ᠥᠷᠭᠡᠳᠬᠡᠬᠦ ᠶᠢ ᠠᠬᠢᠭᠤᠯᠬᠤ ᠬᠡᠷᠡᠭᠲᠡᠶ᠃   ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠣᠨᠴᠠᠯᠢᠭ ᠢ ᠳᠣᠪᠤᠶᠢᠯᠭᠠᠵᠤ᠂ ᠴᠢᠳᠠᠮᠵᠢ ᠶᠢᠨ ᠣᠷᠣᠨ ᠬᠤᠪᠢᠶᠠᠷᠢᠯᠠᠯ ᠂ ᠰᠠᠭᠤᠷᠢ ᠲᠥᠬᠦᠭᠡᠷᠦᠮᠵᠢ ᠪᠠ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠰᠡᠳᠬᠢᠮᠵᠢ ᠣᠶᠢᠯᠠᠭᠠᠭᠳᠠᠬᠤᠨ ᠪᠠ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠶ᠃ ᠬᠠᠷᠠᠯᠲᠠ ᠡᠭᠦᠷᠭᠡ ᠪᠣᠯᠤᠨ ᠴᠠᠭ ᠤᠨ ᠳᠠᠷᠠᠭᠠᠯᠠᠯ ᠤᠨ ᠠᠬᠢᠴᠠ ᠶᠢ ᠴᠢᠩᠭ᠎ᠠ ᠠᠩᠬᠠᠷᠴᠤ᠂ ᠡᠯ᠎ᠡ ᠭᠤᠭᠴᠤᠭ᠎ᠠ ᠶᠢ ᠥᠨᠳᠥᠷ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠲᠥᠷᠥᠯ ᠵᠦᠢᠯ ᠤᠨ ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠡᠢ᠃ ᠸᠠᠩ ᠸᠠᠩ ᠱᠧᠩ ᠬᠤᠲᠠ ᠶᠢᠨ ᠪᠠᠭᠠᠴᠤᠳ ᠤᠨ ᠣᠷᠳᠣᠨ ᠤ ᠠᠵᠢᠯᠯᠠᠭᠠᠨ ᠤ ᠪᠠᠶᠢᠳᠠᠯ ᠪᠠ ᠬᠤᠲᠠ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠢᠴᠠᠭᠠᠨ ᠰᠤᠳᠤᠯᠪᠠ᠃ ᠪᠠᠭᠠᠴᠤᠳ ᠤᠨ ᠣᠷᠳᠣᠨ ᠤ ᠰᠤᠷᠭᠠᠨ ᠬᠥᠮᠦᠵᠢᠯ ᠤᠨ ᠣᠷᠣᠨ ᠵᠠᠶ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠂ ᠬᠡᠷ ᠤᠨ ᠠᠬᠠᠮᠠᠳ ᠲᠤ ᠥᠪᠡᠷᠮᠢᠴᠡ ᠣᠨᠴᠠᠯᠢᠭ ᠲᠠᠢ ᠦᠢᠯᠡᠳᠦᠯᠭᠡ ᠶᠢᠨ ᠬᠢᠴᠢᠶᠡᠯ ᠪᠠ ᠣᠯᠠᠨ ᠶᠠᠩᠵᠤ ᠶᠢᠨ ᠬᠠᠪᠰᠤᠷᠤᠨ ᠵᠢᠯᠣᠭᠤᠳᠬᠤ ᠲᠠᠶᠢᠯᠤᠮᠵᠢ ᠨᠡᠭᠡᠭᠡᠵᠦ᠂ ᠵᠠᠯᠠᠭᠤᠴᠤᠳ ᠪᠠᠭᠠᠴᠤᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠤᠶᠢᠵᠢᠬᠤ ᠶᠢ ᠠᠬᠢᠭᠤᠯᠬᠤ ᠬᠡᠷᠡᠭᠲᠡᠶ᠃    ︽ᠨᠠᠰᠤᠲᠠᠨ ᠨᠢᠯᠬᠠᠰ︾ ᠤᠨ ᠠᠵᠢᠯ ᠢ ᠨᠠᠷᠢᠨ ᠬᠢᠨᠠᠮᠠᠭᠠᠢ ᠰᠤᠳᠤᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠠᠷᠠᠳ ᠤᠨ ᠠᠮᠢᠳᠤᠷᠠᠯ ᠢ ᠪᠦᠬᠦ ᠬᠦᠴᠦ ᠪᠠᠷ ᠢᠶᠠᠨ ᠪᠠᠲᠤᠯᠠᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠶᠢᠯᠠᠷ ᠤᠨ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠳᠤ᠂ ᠸᠠᠩ ᠸᠠᠩ ᠱᠧᠩ ᠡᠵᠡᠩᠨᠡᠯᠲᠡ ᠶᠢᠨ ᠪᠠᠶᠢᠳᠠᠯ ᠪᠣᠯᠤᠨ ᠠᠷᠠᠯᠵᠢᠶᠠᠨ ᠤ ᠶᠠᠪᠤᠴᠠ ᠶᠢ ᠨᠠᠷᠢᠨ ᠠᠰᠠᠭᠤᠵᠤ᠂ ᠠᠵᠤ ᠠᠬᠤᠶᠢᠯᠠᠯ ᠢ ᠠᠵᠠ ᠲᠣᠬᠢᠶᠠᠯ ᠢ ᠠᠮᠵᠢᠨ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠣᠷᠣᠨ ᠪᠦᠰᠡ ᠶᠢᠨ ᠳᠣᠲᠣᠷᠠᠬᠢ ᠡᠬᠢ ᠪᠠᠶᠠᠯᠢᠭ ᠢᠶᠠᠨ ᠨᠡᠶᠢᠳᠬᠡᠵᠦ᠂ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠤᠷᠢᠭᠵᠢᠭᠤᠯᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ ᠭᠡᠵᠦ ᠵᠠᠬᠢᠪᠠ᠃     ᠸᠠᠩ ᠸᠠᠩ ᠱᠧᠩ ᠪᠠᠰᠠ ᠵᠡᠭᠡᠯᠢ ᠭᠤᠳᠤᠮᠵᠢ ᠶᠢᠨ ᠬᠠᠷᠢᠯᠴᠠᠨ ᠬᠠᠪᠰᠤᠷᠤᠯᠴᠠᠬᠤ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠲᠥᠪᠯᠡᠷᠡᠭᠦᠯᠦᠨ ᠴᠡᠭᠴᠡᠯᠡᠨ ᠵᠠᠰᠠᠬᠤ ᠪᠠ ︽ᠭᠤᠷᠪᠠᠵᠢᠭᠤᠯᠬᠤ︾ ᠪᠥᠲᠥᠭᠡᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠵᠠᠮ ᠳᠠᠭᠠᠤ ᠬᠠᠰᠢᠯᠭ᠎ᠠ ᠶᠢ ᠨᠤᠷᠠᠭᠠᠨ ᠠᠷᠢᠯᠭᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ